ᠼᠣᠣ ᠵᠢᠶᠦ᠋ᠨ
ᠨᠡᠶᠢᠲᠡᠯᠡᠭᠰᠡᠨ ᠴᠠᠭ᠄
2025/3/2
  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠮᠠ ᠯᠢᠨ ᠡᠷᠬᠢᠯᠡᠭᠴᠢ ᠶᠢ ᠬᠠᠪᠰᠤᠷᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ ᠪᠠ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃ ᠬᠦᠷᠢᠶ᠎ᠡ ᠴᠠᠷᠠᠭ᠎ᠠ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠤᠨ᠎ᠠ᠃    ᠠᠷᠠᠳ ᠤᠨ ᠶᠠᠪᠤᠳᠠᠯ ᠤᠨ ᠬᠡᠷᠡᠭ ᠶᠠᠪᠤᠳᠠᠯ᠂ ᠬᠤᠳᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠰᠢᠦᠳᠠᠨ ᠤ ᠴᠠᠬᠢᠯᠭᠠᠨ ᠬᠦᠴᠦᠨ᠂ ᠰᠦᠯᠵᠢᠶᠡᠨ ᠤ ᠴᠢᠮᠡᠭᠡ ᠬᠤᠯᠪᠣᠭ᠎ᠠ᠂ ᠲᠠᠷᠢᠶᠠᠯᠠᠩ ᠤᠨ ᠠᠳᠠᠯ ᠠᠬᠤᠢ ᠪᠠ ᠬᠥᠳᠡᠭᠡ ᠲᠣᠰᠬᠤᠨ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠴᠠᠭ ᠠᠭᠤᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠯᠴᠠᠵᠤ ᠵᠣᠬᠢᠴᠠᠭᠤᠯᠤᠨ᠎ᠠ᠃    ᠲᠣᠪᠴᠢ ᠲᠠᠨᠢᠯᠴᠠᠭᠤᠯᠭ᠎ᠠ    ᠼᠤᠤ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1967 ᠣᠨ ᠤ 12 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2