ᠶᠠᠩ ᠸᠧᠨ ᠾᠦᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠤᠢ ᠰᠢᠭᠤᠶ ᠶᠢ ᠲᠣᠭᠤᠷᠢᠨ ᠪᠠᠶᠢᠴᠠᠭᠠᠵᠤ ᠭᠤᠣᠯ ᠮᠥᠷᠡᠨ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2025/3/20
   3 ᠰᠠᠷ᠎ᠠ ᠶᠢᠨ 18 ᠤ ᠡᠳᠦᠷ᠂ ᠶᠠᠩ ᠸᠧᠨ ᠾᠦᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠢ ᠰᠢᠭᠤᠢ ᠶᠢ ᠲᠣᠭᠤᠷᠢᠨ ᠪᠠᠶᠢᠴᠠᠭᠠᠵᠤ ᠭᠤᠣᠯ ᠮᠥᠷᠡᠨ ᠢ ᠴᠠᠭᠳᠠᠨ ᠪᠠᠶᠢᠴᠠᠭᠠᠪᠠ᠃    ᠶᠠᠩ ᠸᠧᠨ ᠾᠦᠢ ᠤᠷᠢᠳ ᠬᠤᠵᠢᠳ ᠱᠢ ᠪᠠ ᠴᠢᠩ ᠪᠠᠯᠭᠠᠰᠤᠨ ᠤ ᠴᠢᠶᠠᠨ ᠬᠠᠢ ᠽᠢ ᠵᠠᠰᠠᠭ ᠵᠠᠬᠢᠷᠭᠠᠨ ᠤ ᠲᠣᠰᠬᠤᠨ᠂ ᠪᠥᠸᠧ ᠬᠤ᠋ ᠵᠢᠩ ᠰᠢᠶᠠᠩ ᠤᠨ ᠭᠤᠷᠪᠠᠳᠤᠭᠠᠷ ᠵᠠᠰᠠᠭ ᠵᠠᠬᠢᠷᠭᠠᠨ ᠤ ᠲᠣᠰᠬᠤᠨ᠂ ᠰᠠᠨ ᠮᠢᠶᠠᠨ ᠵᠢᠩ ᠤᠰᠤᠨ ᠴᠥᠭᠦᠷᠥᠮ ᠪᠣᠯᠤᠨ ᠰᠢᠯ ᠭᠤᠤᠯ ᠤᠨ ᠳᠠᠭᠠᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠠᠷᠪᠢᠯᠠᠵᠤ ᠤᠰᠤ ᠶᠢ ᠡᠵᠡᠮᠳᠡᠬᠦ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠭᠤᠤᠯ ᠤᠨ ᠵᠠᠮ ᠢ ᠵᠠᠰᠠᠬᠤ ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ ᠶᠠᠩ ᠸᠧᠨ ᠾᠦᠢ᠂ ︽ᠤᠰᠤ ᠠᠷᠪᠢᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠶᠠᠪᠤᠭᠳᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠨᠠᠭᠰᠢᠳᠠ ᠴᠢᠩᠭᠠᠳᠬᠠᠵᠤ᠂ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠪᠦᠲᠦᠮᠵᠢᠲᠡᠢ ᠴᠡᠪᠡᠷᠯᠡᠬᠦ ᠶᠢ ᠪᠠᠲᠤᠯᠠᠬᠤ ᠬᠡᠷᠡᠭᠲᠡᠢ᠃ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠪᠠᠷᠢᠮᠵᠢᠶ᠎ᠠ ᠲᠠᠢ ᠬᠠᠷᠢᠴᠠᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠬᠠᠷᠭᠤᠭᠤᠯᠵᠤ᠂ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠢ ᠤᠯᠠᠮ ᠨᠢᠭᠡ ᠠᠯᠬᠤᠮ ᠠᠬᠢᠭᠤᠯᠵᠤ᠂ ᠶᠡᠷᠦᠩᠬᠡᠶᠢᠯᠡᠨ ᠵᠠᠰᠠᠬᠤ ᠲᠥᠪ ᠤᠨ ᠭᠤᠤᠯ ᠵᠢᠭᠰᠠᠭᠠᠯ ᠤᠨ ᠭᠠᠵᠠᠷ᠂ ᠭᠤᠤᠯ ᠲᠡᠶᠢᠨ ᠤ ᠲᠠᠯᠠᠪᠤᠷ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠶ᠋ᠳᠪᠦᠷᠢᠯᠡᠵᠦ᠂ ᠡᠬᠢ ᠡᠭᠦᠰᠦᠯ ᠠᠴᠠ ᠨᠢ ᠰᠢᠶ᠋ᠳᠪᠦᠷᠢᠯᠡᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠪᠠ ᠭᠤᠣᠯ ᠤᠨ ᠵᠠᠮ ᠢ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠢ ᠰᠢᠭᠤᠢ ᠶᠢᠨ ᠳᠠᠷᠤᠭ᠎ᠠ᠂ ᠭᠤᠣᠯ ᠤᠨ ᠳᠠᠷᠤᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠢ ᠰᠢᠭᠤᠢ ᠡᠪᠡᠰᠦ ᠪᠡᠯᠴᠢᠭᠡᠷ᠂ ᠭᠤᠣᠯ ᠮᠥᠷᠡᠨ ᠢ ᠵᠠᠰᠠᠬᠤ ᠰᠢᠰᠲ᠋ᠧᠮ ᠤᠨ ᠪᠠᠶᠢᠭᠤᠯᠤᠯᠲᠠ ᠪᠠ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠢ ᠰᠢᠭᠤᠢ ᠶᠢᠨ ᠡᠬᠢ ᠪᠠᠶᠠᠯᠢᠭ ᠪᠠ ᠭᠤᠣᠯ ᠤᠨ ᠵᠠᠮ ᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ ᠮᠠᠯᠯᠠᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠮᠣᠳᠣ ᠲᠠᠷᠢᠵᠤ ᠣᠶᠢᠵᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠱᠠᠩᠳᠤ ᠶᠢᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠠᠮᠢ ᠠᠬᠤᠢ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠣᠯᠤᠨ ᠤᠨᠴᠠᠯᠢᠬᠳᠤ ᠠᠵᠤ ᠦᠢᠯᠡᠰ ᠲᠤ ᠰᠠᠭᠤᠷᠢᠯᠠᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠠᠵᠢᠯ ᠤᠨ ᠳᠤᠮᠳᠠ ᠨᠡᠶᠢᠲᠡᠯᠢᠭ ᠵᠢᠱᠢᠶ᠎ᠡ᠂ ᠬᠢᠯᠠᠰ ᠴᠡᠭ ᠭᠠᠷᠭᠠᠬᠤ ᠪᠠᠷ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠰᠢᠨ᠎ᠡ ᠦᠨᠳᠦᠷᠴᠡ ᠳᠤ ᠬᠦᠷᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠵᠠᠩ ᠶᠧ ᠢᠦᠢ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2