ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ | ᠠᠬᠢᠭᠤᠯᠬᠤ ᠶᠢᠨ ᠲᠥᠯᠥᠭᠡ᠂ 2025 ᠣᠨ ᠤ 3 ᠰᠠᠷ᠎ᠠ ᠶᠢᠨ 5 ᠤ ᠡᠳᠦᠷ᠂ ᠶᠡᠭᠡ ᠬᠦᠷᠢᠶ᠎ᠡ ᠰᠢᠶᠠᠩ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ | ᠪᠠᠶᠢᠭᠤᠯᠵᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠠᠵᠢᠯᠯᠠᠭ᠎ᠠ ᠶᠢ ᠥᠷᠨᠢᠭᠦᠯᠵᠦ᠂ ᠨᠠᠰᠤᠲᠠᠨ᠂ ᠬᠥᠳᠡᠯᠵᠦ | ᠪᠠᠷᠢᠬᠤ ᠳᠤ ᠳᠥᠭᠦᠮ ᠦᠭᠡᠢ ᠲᠣᠰᠬᠤᠨ ᠤ ᠠᠷᠠᠳ ᠲᠤ ᠬᠠᠶᠢᠷ᠎ᠠ ᠬᠠᠯᠠᠮᠵᠢ ᠬᠦᠷᠭᠡᠪᠡ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠴᠢᠳ ᠣᠯᠠᠨ ᠳᠤᠭᠤᠶᠢᠯᠠᠩ | ᠬᠤᠪᠢᠶᠠᠵᠤ᠂ ᠬᠥᠳᠡᠭᠡ ᠲᠣᠰᠬᠤᠨ ᠳᠤ ᠭᠦᠨᠵᠡᠭᠡᠶᠢᠷᠡᠨ᠂ ᠭᠤᠣᠨᠢ ᠨᠠᠰᠤᠲᠠᠨ᠂ ᠬᠥᠳᠡᠯᠵᠦ ᠪᠠᠷᠢᠬᠤ ᠳᠤ ᠳᠥᠭᠦᠮ | ᠦᠭᠡᠢ ᠲᠣᠰᠬᠤᠨ ᠤ ᠠᠷᠠᠳ ᠤᠨ ᠬᠡᠷ ᠲᠤ ᠬᠦᠷᠴᠦ᠂ ᠱᠦᠭᠦᠷ᠂ ᠪᠥᠰ ᠵᠡᠷᠭᠡ ᠠᠷᠢᠭᠤᠨ ᠴᠡᠪᠡᠷ ᠤᠨ ᠪᠠᠭᠠᠵᠢ | ᠬᠡᠷᠡᠭᠰᠡᠯ ᠢᠶᠠᠨ ᠠᠪᠴᠤ᠂ ᠲᠡᠳᠡᠨ ᠤ ᠬᠦᠷᠢᠶ᠎ᠡ ᠬᠠᠰᠢᠶ᠎ᠠ ᠪᠠᠨ ᠴᠡᠪᠡᠷᠯᠡᠪᠡ᠃ ᠲᠡᠳᠡ ᠭᠡᠷ ᠤᠨ ᠬᠡᠷᠡᠭᠰᠡᠯ ᠢᠶᠠᠨ ᠨᠠᠷᠢᠨ | ᠬᠢᠨᠠᠮᠠᠭᠠᠢ ᠪᠠᠷ ᠵᠦᠯᠭᠦᠵᠦ᠂ ᠭᠠᠵᠠᠷ ᠤᠨ ᠭᠠᠳᠠᠷᠭᠤ ᠶᠢ ᠱᠦᠭᠦᠷᠳᠡᠨ ᠴᠡᠪᠡᠷᠯᠡᠵᠦ᠂ ᠶᠠᠮᠠᠷ ᠴᠤ ᠴᠡᠪᠡᠷᠯᠡᠭᠡ ᠦᠭᠡᠢ | ᠭᠠᠵᠠᠷ ᠪᠥᠬᠦᠨ ᠢ ᠲᠠᠯᠪᠢᠵᠤ᠂ ᠤᠭ ᠤᠨ ᠡᠮᠬᠢ ᠵᠠᠮᠪᠠᠷᠠᠭ᠎ᠠ ᠦᠭᠡᠢ ᠪᠠᠢᠭᠰᠠᠨ ᠭᠡᠷ ᠢᠶᠠᠨ ᠴᠣ ᠰᠢᠨ᠎ᠡ ᠪᠣᠯᠭᠠᠵᠠᠢ᠃ | ᠡᠭᠦᠨ ᠤ ᠬᠠᠮᠲᠤ᠂ ᠲᠡᠳᠡ ᠪᠠᠰᠠ ᠬᠡᠷ ᠤᠨ ᠴᠠᠬᠢᠯᠭᠠᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠲᠡᠷᠭᠡ᠂ | ᠮᠣᠲ᠋ᠣᠷ ᠲᠡᠷᠭᠡ ᠵᠡᠷᠭᠡ ᠪᠠᠭᠠᠵᠢ ᠬᠡᠷᠡᠭᠰᠡᠯ ᠢ ᠨᠠᠷᠢᠨ ᠪᠠᠶᠢᠴᠠᠭᠠᠵᠤ᠂ ᠡᠪᠳᠡᠷᠡᠵᠦ ᠰᠦᠢᠳᠦᠭᠰᠡᠨ ᠡᠳ᠋ ᠪᠣᠳᠠᠰ ᠢ | ᠰᠡᠯᠪᠢᠨ ᠵᠠᠰᠠᠬᠤ ᠳᠤ ᠴᠢᠭᠯᠡᠭᠦᠯᠦᠨ᠂ ᠵᠠᠷᠢᠮ ᠵᠠᠰᠠᠨ ᠰᠡᠯᠪᠢᠬᠦ ᠳᠤ ᠬᠦᠴᠢᠷᠲᠡᠶ ᠪᠠᠭᠠᠵᠢ ᠬᠡᠷᠡᠭᠰᠡᠯ ᠳᠤ᠂ ᠰᠠᠶᠢᠨ | ᠳᠤᠷ᠎ᠠ ᠶᠢᠨ ᠦᠢᠯᠡᠴᠢᠯᠡᠭᠴᠢᠳ ᠴᠦ ᠨᠠᠰᠤᠲᠠᠨ ᠳᠤ ᠪᠠᠶᠢᠳᠠᠯ ᠢᠶᠠᠨ ᠬᠦᠯᠢᠴᠡᠩᠭᠦᠶ ᠪᠠᠷ ᠲᠠᠶᠢᠯᠪᠤᠷᠢᠯᠠᠨ ᠥᠭᠬᠦ ᠶᠢᠨ | ᠬᠠᠮᠲᠤ ᠵᠦᠶ ᠵᠣᠬᠢᠰᠲᠠᠶ ᠰᠣᠯᠢᠵᠤ ᠥᠭᠬᠦ ᠰᠠᠨᠠᠭᠤᠯᠭ᠎ᠠ ᠭᠠᠷᠭᠠᠵᠠᠶ᠃ | ᠲᠡᠳᠡᠨ ᠤ ᠬᠥᠳᠡᠯᠮᠦᠷᠢ ᠬᠦᠴᠦᠨ ᠬᠦᠷᠦᠯᠴᠡᠬᠦ ᠥᠬᠡᠶ ᠪᠠᠶᠢᠬᠤ ᠶᠢ ᠪᠣᠳᠣᠯᠬᠢᠯᠠᠵᠤ᠂ ᠬᠡᠰᠡᠭ ᠰᠠᠶᠢᠨ ᠳᠤᠷ᠎ᠠ ᠶᠢᠨ | ᠦᠢᠯᠡᠴᠢᠯᠡᠭᠴᠢ ᠲᠠᠷᠢᠶᠠᠨ ᠭᠠᠵᠠᠷ᠂ ᠲᠣᠮᠣ ᠰᠠᠷᠠᠪᠴᠢᠲᠤ ᠬᠡᠷ ᠪᠠᠶᠢᠰᠢᠩ ᠳᠤ ᠬᠦᠷᠴᠦ ᠲᠡᠳᠡᠨ ᠢ ᠬᠠᠪᠰᠤᠷᠤᠨ ᠠᠵᠢᠯ | ᠬᠢᠯᠭᠡᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠴᠢ ᠵᠣᠷᠢᠭ | ᠲᠡᠭᠦᠯᠳᠡᠷ ᠪᠠᠶᠢᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠡᠯ᠎ᠡ ᠵᠦᠢᠯ ᠤᠨ ᠠᠵᠢᠯ ᠢᠶᠠᠨ ᠡᠮᠬᠢ ᠴᠡᠭᠴᠡ ᠲᠠᠢ | ᠪᠡᠶᠡᠯᠡᠭᠦᠯᠵᠦ᠂ ᠲᠡᠳᠡᠨ ᠤ ᠳᠠᠷᠤᠭᠠᠰᠤ ᠶᠢ ᠬᠥᠩᠭᠡᠷᠡᠭᠦᠯᠪᠡ᠃ | ᠡᠷᠦᠬᠡ ᠳᠤ ᠣᠷᠣᠵᠤ ᠬᠠᠪᠰᠤᠷᠤᠨ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ | ᠱᠦᠭᠦᠷ᠂ ᠬᠤᠰᠤᠭᠤᠷ᠂ ᠬᠤᠭ ᠨᠣᠪᠰᠢ ᠶᠢᠨ ᠤᠭᠤᠲᠠ ᠵᠡᠷᠭᠡ ᠪᠠᠭᠠᠵᠢ ᠠᠪᠴᠤ᠂ ᠡᠯ᠎ᠡ ᠲᠣᠰᠬᠤᠨ ᠤ ᠭᠤᠤᠯ ᠵᠠᠮ᠂ | ᠬᠡᠲᠦ ᠳᠡᠯᠭᠡᠭᠦᠷ ᠤᠨ ᠣᠶᠢᠷ᠎ᠠ ᠬᠠᠪᠢ᠂ ᠬᠤᠭ ᠨᠣᠪᠰᠢ ᠶᠢᠨ ᠬᠠᠶᠢᠷᠴᠠᠭ ᠣᠷᠴᠢᠮ ᠵᠡᠷᠭᠡ ᠭᠤᠤᠯᠳᠠᠯᠭ᠎ᠠ ᠲᠠᠢ | ᠣᠷᠣᠨ ᠪᠦᠰᠡ ᠶᠢ ᠴᠡᠪᠡᠷᠯᠡᠪᠡ᠃ ᠬᠡᠳᠦᠨ ᠴᠠᠭ ᠤᠨ ᠴᠢᠷᠮᠠᠶᠢᠯᠭ᠎ᠠ ᠪᠠᠷ ᠳᠠᠮᠵᠢᠨ᠂ ᠤᠯᠠᠨ ᠨᠡᠶᠢᠲᠡ ᠶᠢᠨ ᠣᠷᠴᠢᠨ | ᠲᠣᠭᠤᠷᠢᠨ ᠢ ᠴᠣ ᠰᠢᠨ᠎ᠡ ᠪᠣᠯᠭᠠᠵᠤ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ | ᠲᠣᠰ ᠤᠳᠠᠭᠠᠨ ᠤ ᠠᠵᠢᠯᠯᠠᠭ᠎ᠠ ᠨᠢ ᠭᠤᠤᠨᠢ ᠨᠠᠰᠤᠲᠠᠨ᠂ ᠬᠥᠳᠡᠯᠵᠦ ᠪᠠᠷᠢᠬᠤ ᠳᠤ ᠳᠥᠭᠦᠮ ᠦᠭᠡᠢ | ᠲᠣᠰᠬᠤᠨ ᠤ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ | ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠨᠠᠩ ᠴᠤ ᠪᠥᠬᠦ | ᠰᠢᠶᠠᠩ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠤ ᠵᠠᠰᠠᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ | ᠪᠥᠬᠦ ᠰᠢᠶᠠᠩ ᠳᠤ ᠪᠠᠭᠤᠷᠠᠶᠢᠴᠤᠤᠯ ᠢ ᠬᠠᠯᠠᠮᠵᠢᠯᠠᠬᠤ᠂ ᠦᠨᠡᠨ ᠰᠡᠳᠬᠢᠯ ᠠᠴᠠ ᠪᠠᠨ ᠬᠠᠷᠢᠯᠴᠠᠨ ᠬᠠᠪᠰᠤᠷᠤᠯᠴᠠᠬᠤ᠂ | ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠶᠡᠭᠡ ᠬᠦᠷᠢᠶ᠎ᠡ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠤᠰ | ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠴᠢᠯᠡᠭᠡᠨ ᠤ ᠠᠭᠤᠯᠭ᠎ᠠ ᠶᠢ ᠲᠠᠰᠤᠷᠠᠯᠳᠠ | ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ ᠪᠦᠷᠬᠦᠴᠡ ᠶᠢ ᠥᠷᠭᠡᠳᠬᠡᠨ᠎ᠡ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |