3 ᠰᠠᠷ᠎ᠠ ᠶᠢᠨ 20 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠭᠤᠤ ᠶᠦᠩ ᠪᠢᠨ ᠮᠠᠨ ᠤ ᠰᠢᠶᠠᠨ ᠳᠤ ᠬᠦᠷᠴᠦ | ᠠᠷᠠᠳ ᠤᠨ ᠡᠵᠡᠩᠨᠡᠯᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ | ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ | ᠵᠢᠶᠧ᠂ ᠰᠢᠶᠠᠨ ᠤ ᠳᠡᠳ᠋ ᠳᠠᠷᠤᠭ᠎ᠠ ᠯᠸᠢ ᠭᠦᠸᠧ ᠫᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠭᠤᠤ ᠶᠦᠩ ᠪᠢᠨ ᠨᠠᠷ ᠤᠷᠢᠳ | ᠬᠤᠵᠢᠳ ᠮᠠᠨ ᠤ ᠰᠢᠶᠠᠨ ᠤ ᠹᠦ᠋ ᠷᠦᠢ ᠰᠢᠶᠠᠩ ᠵᠣᠴᠢᠳ ᠤᠨ ᠪᠠᠭᠤᠳᠠᠯ᠂ ᠳ᠋ᠦᠩ ᠭᠤᠸᠠᠨ ᠲᠣᠰᠣ ᠨᠡᠮᠡᠬᠦ ᠦᠷᠳᠡᠭᠡ | ᠂ ᠱᠢ ᠵᠢᠢ ᠭᠠᠷ ᠤᠲᠠᠰᠤᠨ ᠤ ᠬᠤᠳᠠ ᠳᠤ ᠬᠦᠷᠴᠦ᠂ ᠡᠯ᠎ᠡ ᠣᠷᠣᠨ ᠪᠦᠰᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠠᠵᠢᠯᠲᠠᠳ ᠲᠠᠢ ᠭᠦᠨᠵᠡᠭᠡᠢ ᠶᠠᠷᠢᠯᠴᠠᠵᠤ᠂ | ᠡᠵᠡᠩᠨᠡᠯᠲᠡ ᠶᠢᠨ ᠪᠠᠶᠢᠳᠠᠯ᠂ ᠵᠣᠴᠢᠳ ᠤᠨ ᠢᠷᠡᠯᠳᠡ ᠶᠢᠨ ᠪᠦᠲᠦᠴᠡ᠂ ᠬᠥᠭᠵᠢᠯ ᠪᠠᠳᠠᠷᠠᠯ ᠲᠠᠢ ᠤᠯᠠᠷᠢᠯ ᠤᠨ | ᠡᠵᠡᠩᠨᠡᠯᠲᠡ ᠶᠢᠨ ᠣᠷᠣᠯᠭ᠎ᠠ ᠶᠢᠨ ᠵᠦᠷᠢᠶ᠎ᠠ ᠵᠢᠴᠢ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ | ᠪᠣᠯᠤᠨ ᠥᠷᠢᠰᠥᠯᠳᠦᠭᠡᠨ ᠢ ᠨᠠᠷᠢᠨ ᠠᠰᠠᠭᠤᠨ ᠯᠠᠪᠯᠠᠭᠰᠠᠨ ᠪᠥᠭᠡᠳ ᠲᠤᠬᠠᠢ ᠶᠢᠨ ᠲᠠᠯᠠᠪᠠᠢ ᠳᠤ ᠶᠠᠷᠢᠯᠴᠠᠬᠤ ᠬᠤᠷᠠᠯ | ᠬᠤᠷᠠᠯᠳᠤᠭᠤᠯᠪᠠ᠃ | ᠭᠤᠤ ᠶᠦᠩ ᠪᠢᠨ᠂ ᠠᠷᠠᠳ ᠤᠨ ᠡᠵᠡᠩᠨᠡᠯᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠠᠵᠢᠯ ᠲᠦᠷᠦᠯ ᠪᠣᠯ | ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ | ᠳᠣᠲᠣᠭᠠᠳᠤ ᠬᠡᠷᠡᠭᠴᠡᠭᠡ ᠶᠢ ᠳᠠᠶᠢᠴᠢᠯᠠᠬᠤ᠂ ᠠᠵᠢᠯ ᠣᠯᠭᠤᠯᠲᠠ ᠶᠢ ᠠᠬᠢᠭᠤᠯᠬᠤ᠂ ᠰᠠᠭᠤᠭᠠᠯᠢ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠬᠠᠷᠠᠯᠲᠠ ᠪᠠᠨ ᠲᠣᠭᠲᠠᠭᠠᠵᠤ᠂ ᠶᠡᠷᠦᠩᠬᠡᠢ ᠬᠡᠮᠵᠢᠶ᠎ᠡ ᠪᠠᠨ ᠴᠢᠩᠭ᠎ᠠ ᠠᠳᠬᠤᠵᠤ᠂ ᠲᠤᠭ᠎ᠠ ᠬᠡᠮᠵᠢᠶ᠎ᠡ ᠶᠢ | ᠴᠢᠩᠭ᠎ᠠ ᠠᠳᠬᠤᠵᠤ᠂ ᠬᠠᠷᠠᠯᠲᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠨᠡᠩ | ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |