ᠴᠢᠦ ᠵᠢᠶᠦ᠋ᠨ ᠵᠢᠶᠧ ᠰᠢᠶᠠᠨ ᠤ ᠳᠠᠷᠤᠭ᠎ᠠ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
   3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠰᠢᠶᠠᠨ ᠤ ᠳᠠᠷᠤᠭ᠎ᠠ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ 2025 ᠣᠨ ᠤ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠨ ᠪᠠᠶᠢᠭᠤᠯᠵᠤ ᠨᠥᠭᠡᠴᠡᠯᠡᠬᠦ ᠲᠥᠷᠥᠯ ᠵᠦᠶ᠋ᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠱᠠᠩᠳᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠲᠤᠰᠬᠠᠶ ᠲᠥᠯᠥᠪᠵᠢᠭᠦᠯᠭᠡ ︵2024-2035︶︾ ᠵᠡᠷᠭᠡ ᠲᠥᠷᠥᠯ ᠵᠦᠶ᠋ᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠪᠡ᠃ ᠬᠤᠷᠠᠯ ᠳᠤ ᠣᠷᠣᠯᠴᠠᠭᠰᠠᠳ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠣᠭᠤᠷᠢᠨ ᠳᠤ ᠭᠦᠢᠴᠡᠳ ᠶᠠᠷᠢᠯᠴᠠᠭᠰᠠᠨ ᠪᠥᠭᠡᠳ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠰᠢᠯᠢᠳᠡᠭᠵᠢᠭᠦᠯᠬᠦ ᠪᠠ ᠳᠡᠭᠡᠭᠰᠢᠯᠡᠭᠦᠯᠬᠦ ᠰᠠᠨᠠᠯ ᠰᠠᠨᠠᠭᠤᠯᠭ᠎ᠠ ᠳᠤᠷᠠᠳᠴᠠᠶ᠃    ᠬᠤᠷᠠᠯ ᠠᠴᠠ᠂ ᠡᠯ᠎ᠡ ᠲᠦᠷᠦᠯ ᠵᠦᠢᠯ ᠤᠨ ᠲᠥᠯᠥᠪᠵᠢᠭᠦᠯᠭᠡ ᠶᠢ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠮᠠᠨ ᠤ ᠰᠢᠶᠠᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠲᠠᠢ ᠨᠢᠭᠲᠠ ᠨᠡᠶᠢᠴᠡᠭᠦᠯᠬᠦ ᠬᠡᠷᠡᠭᠲᠡᠢ᠃ ᠴᠠᠬᠢᠯᠭᠠᠨ ᠲᠦᠭᠡᠭᠡᠬᠦ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠨᠥᠭᠡᠴᠡ ᠵᠡᠷᠭᠡ ᠠᠷᠠᠳ ᠤᠨ ᠠᠮᠢᠳᠤᠷᠠᠯ ᠤᠨ ᠰᠠᠭᠤᠷᠢ ᠪᠠᠲᠤᠯᠠᠭ᠎ᠠ ᠳᠤ ᠬᠤᠯᠪᠣᠭᠳᠠᠬᠤ ᠲᠥᠷᠥᠯ ᠵᠦᠢᠯ ᠳᠤ᠂ ᠪᠠᠷᠢᠯᠭ᠎ᠠ ᠶᠢᠨ ᠠᠬᠢᠴᠠ ᠶᠢ ᠴᠠᠭ ᠲᠤᠬᠠᠶ ᠳᠤᠨᠢ ᠠᠬᠢᠭᠤᠯᠬᠤ ᠶᠢ ᠪᠠᠲᠤᠯᠠᠬᠤ ᠪᠠᠷ ᠪᠠᠷᠠᠬᠤ ᠦᠭᠡᠢ᠂ ᠨᠡᠩ ᠴᠤ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠲᠡᠭᠦᠨ ᠢ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠠᠶᠢᠭᠤᠯᠬᠤ ᠬᠡᠷᠡᠭᠲᠡᠶ᠃ ᠲᠥᠷᠥᠯ ᠵᠦᠢᠯ ᠤᠨ ᠨᠢᠭᠡᠴᠡ ᠨᠦᠭᠦᠳ ᠡᠯ᠎ᠡ ᠵᠦᠢᠯ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠠᠵᠢᠯ ᠢ ᠱᠠᠯᠠᠪᠳᠠᠨ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠨ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠡᠷᠴᠢ ᠵᠣᠷᠢᠭ ᠢᠶᠠᠷ ᠡᠯ᠎ᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ ᠬᠡᠷᠡᠭᠲᠡᠶ᠃    ᠵᠠᠩ ᠭᠤᠸᠠᠩ᠂ ᠶᠠᠩ ᠶᠦᠩ᠂ ᠶᠧ ᠱᠢ ᠬᠠᠶ᠂ ᠯᠸᠢ ᠭᠦᠸᠧ ᠫᠢᠩ ᠬᠤᠷᠠᠯ ᠳᠤ ᠣᠷᠣᠯᠴᠠᠵᠤ᠂ ᠰᠢᠶᠠᠨ ᠤ ᠳᠠᠷᠤᠭ᠎ᠠ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠵᠢᠷᠤᠭ ᠲᠥᠯᠥᠪᠯᠡᠭᠡ ᠶᠢᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2