ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/21
   3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠡᠮᠦᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ ᠰᠤᠷᠤᠯᠴᠠᠪᠠ᠃ ᠬᠤᠷᠠᠯ ᠠᠴᠠ 2025 ᠣᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ᠂ 2025 ᠣᠨ ᠤ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ ︽ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠵᠦ᠂ 2025 ᠣᠨ ᠤ ︽ᠵᠢᠷᠭᠤᠭᠠᠨ ᠢᠨᠵᠧᠨᠧᠷᠢᠩ︾ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃    ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠡᠳᠡᠭᠡᠷ ᠠᠵᠢᠯ ᠢ ᠰᠠᠶᠢᠲᠤᠷ ᠬᠢᠬᠦ ᠨᠢ ᠤᠯᠤᠰ ᠲᠦᠷᠦ ᠶᠢᠨ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠭᠵᠢᠯᠲᠡ ᠶᠢᠨ ᠴᠢᠬᠤᠯᠠ ᠡᠭᠦᠷᠭᠡ ᠪᠣᠯᠤᠨ᠎ᠠ ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠶᠢ ᠪᠠᠲᠤᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ᠤᠯᠠᠨ ᠰᠠᠯᠠᠭ᠎ᠠ ᠮᠥᠴᠢᠷ ᠤᠨ ᠬᠤᠭᠤᠷᠣᠨᠳᠣᠬᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠳᠠᠲᠠᠢ ᠠᠵᠢᠯᠯᠠᠬᠤ ᠪᠠᠷ ᠲᠦᠷᠭᠡᠨ ᠠᠵᠢᠯᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠲᠥᠰᠦᠯ ᠵᠢᠴᠢ ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠰᠲ᠋ᠧᠮ ᠲᠠᠢ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2