3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ | ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ | ︿ᠬᠤᠶᠠᠷ ᠢ ᠭᠤᠶᠢᠪᠢᠰᠢ ᠥᠬᠡᠶ﹀ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠪᠠᠷᠢᠮᠲᠠᠯᠠᠨ | ᠨᠠᠶᠢᠳᠠᠪᠤᠷᠢᠵᠢᠭᠤᠯᠬᠤ ᠵᠡᠷᠭᠡ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠲᠥᠷᠥᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ | ᠴᠢᠨᠠᠷ ᠢ ᠭᠦᠢᠴᠡᠳ ᠲᠠᠨᠢᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠲᠥᠷᠥᠯ ᠵᠦᠢᠯ ᠢ ᠲᠥᠯᠥᠪᠵᠢᠭᠦᠯᠬᠦ | ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢᠶᠠᠷ ᠪᠠᠯᠠ ᠣᠷᠣᠭᠤᠯᠤᠯᠲᠠ ᠶᠢ ᠳᠠᠶᠢᠴᠢᠯᠠᠨ᠂ | ᠬᠡᠷᠡᠭᠯᠡᠭᠡ ᠶᠢ ᠠᠬᠢᠭᠤᠯᠵᠤ᠂ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠶᠢ ᠪᠣᠶ ᠪᠣᠯᠭᠠᠵᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠪᠥᠬᠦ ᠲᠠᠯ᠎ᠠ ᠪᠠᠷ ᠨᠠᠷᠢᠨ ᠨᠢᠮᠪᠠᠶ ᠡᠮᠬᠢᠯᠡᠨ ᠳᠢᠭᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ | ᠬᠠᠮᠵᠢᠯᠴᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠲᠥᠷᠥᠯ ᠵᠦᠢᠯ ᠤᠨ ᠲᠠᠰ | ᠳᠠᠷᠠᠭᠠᠯᠠᠯ ᠤᠨ ᠠᠬᠢᠴᠠ ᠪᠠᠷ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠢᠭᠡᠳᠦᠭᠡᠷ | ᠤᠯᠠᠷᠢᠯ ᠤᠨ ︽ᠰᠠᠶᠢᠨ ᠡᠬᠢᠯᠡᠯᠲᠡ︾ ᠪᠠᠷ ︽ᠪᠥᠬᠦ ᠵᠢᠯ ᠳᠤ ᠠᠮᠵᠢᠯᠲᠠ ᠣᠯᠬᠤ︾ ᠶᠢ ᠳᠠᠶᠢᠴᠢᠯᠠᠨ᠂ ᠪᠥᠬᠦ | ᠵᠢᠯ ᠤᠨ ᠠᠵᠤ ᠠᠬᠤᠶ ᠶᠢᠨ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠨ᠂ ᠱᠠᠩᠳᠤ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠡᠷᠡᠯᠬᠡᠭᠯᠡᠨ ᠤᠷᠤᠭᠰᠢᠯᠠᠬᠤ ᠠᠶᠠᠰ ᠢ ᠬᠠᠩᠭᠢᠨᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ︽ᠪᠦᠬᠦ | ᠰᠢᠶᠠᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠥᠰᠦᠯ︾ ᠢ ᠬᠢᠨᠠᠨ ᠵᠥᠪᠯᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ | ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠰᠠᠶᠢᠵᠢᠷᠠᠭᠤᠯᠬᠤ ᠳᠤ ᠦᠷ᠎ᠡ | ᠪᠦᠲᠦᠮᠵᠢ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠲᠠᠢ ᠨᠢᠭᠲᠠ | ᠬᠠᠷᠢᠯᠴᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠵᠤ᠂ ᠤᠬᠠᠮᠰᠠᠷ ᠠᠴᠠ ᠪᠠᠨ ᠤᠯᠠᠨ ᠲᠦᠮᠡᠨ ᠤ ᠬᠢᠨᠠᠯᠲᠠ ᠲᠠᠯᠪᠢᠵᠤ | ᠦᠨᠡᠯᠡᠬᠦ ᠶᠢ ᠬᠦᠯᠢᠶᠡᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |