3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ | ᠲᠤᠤᠱᠯᠠᠭᠤᠯᠤᠨ ᠪᠠᠲᠤ ᠪᠠᠬᠢ ᠪᠤᠢ ᠪᠣᠯᠭᠠᠬᠤ ᠭᠤᠣᠯ ᠱᠤᠭᠤᠮ︾ ᠤᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ | ᠬᠢᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ | ᠤᠳᠤᠷᠢᠳᠤᠯᠭ᠎ᠠ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠹᠠᠨ ᠰᠢᠨ ᠬᠤᠸᠠ ᠲᠣᠭᠤᠷᠢᠨ ᠰᠣᠨᠣᠰᠴᠤ ᠬᠠᠮᠲᠤ ᠶᠢᠨ ᠰᠤᠷᠤᠯᠴᠠᠯᠭ᠎ᠠ ᠶᠢ ᠰᠤᠯᠠ ᠰᠣᠨᠣᠰᠪᠠ᠃ | ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ︾ ᠶᠢ ᠤᠯᠠᠮᠵᠢᠯᠠᠨ | ᠰᠤᠷᠤᠯᠴᠠᠪᠠ᠃ | ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ | ᠵᠠᠩ ᠰᠢᠶᠤᠤ ᠮᠧᠩ ᠤᠷᠢᠯᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠤᠰᠬᠠᠶ ᠰᠡᠳᠦᠪ ᠢᠶᠠᠷ ᠬᠢᠴᠢᠶᠡᠯ ᠣᠷᠣᠪᠠ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠬᠦᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ | ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠪᠠᠶᠢᠳᠠᠯ ᠢ | ᠭᠦᠶ᠋ᠴᠡᠳ ᠨᠤᠲᠠᠯᠠᠭᠰᠠᠨ ᠪᠥᠭᠡᠳ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ ᠴᠢᠩᠭᠠᠳᠬᠠᠬᠤ ᠲᠤᠬᠠᠶ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠶᠠᠩ ᠸᠧᠨ ᠾᠦᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠲᠡᠭᠦᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠴᠥᠮ ᠨᠢᠭᠲᠠ ᠤᠶᠠᠯᠳᠤᠭᠤᠯᠵᠤ᠂ ᠡᠨᠡ ᠬᠦ ᠭᠤᠣᠯ | ᠰᠢᠵᠢᠮ ᠠᠴᠠ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠨᠡᠨ ᠬᠦ ᠨᠡᠩ ᠤᠯᠠᠨ | ᠨᠡᠩ ᠭᠤᠣᠯᠴᠢ ᠪᠠᠷ ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠳᠦᠷ ᠲᠤᠲᠤᠮ ᠤᠨ ᠰᠤᠷᠤᠯᠴᠠᠯᠭ᠎ᠠ ᠳᠤ ᠣᠷᠣᠭᠤᠯᠵᠤ᠂ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠡᠯ᠎ᠡ ᠱᠠᠲᠤᠨ ᠤ ᠤᠳᠤᠷᠢᠳᠬᠤ | ᠺᠠᠳ᠋ᠷ ᠲᠦᠷᠦᠭᠦᠯᠡᠨ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ | ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ︾ ᠲᠠᠢ ᠤᠶᠠᠯᠳᠤᠭᠤᠯᠤᠨ᠂ ᠰᠣᠳᠣᠨ ᠤᠳᠬ᠎ᠠ ᠤᠷᠠᠯᠢᠭ ᠤᠨ ᠪᠦᠲᠦᠭᠡᠯ ᠭᠠᠷᠭᠠᠵᠤ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠪᠦᠯᠬᠦᠮᠳᠡᠯ ᠳᠠᠪᠰᠢᠯᠲᠠ ᠶᠢᠨ ᠥᠯᠢᠭᠡᠷ ᠢ | ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ | ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠭᠦᠯᠵᠦ᠂ ᠡᠷᠡᠰ ᠭᠤᠶᠢᠪᠢᠰᠢ | ᠥᠬᠡᠶ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠣᠯᠭᠠᠬᠤ | ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭᠠᠲᠤ | ᠤᠬᠠᠮᠰᠠᠷ ᠢᠶᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠨᠠᠢᠮᠠ ᠶᠢ ᠣᠷᠣᠭᠤᠯᠬᠤ︾ | ᠵᠡᠷᠭᠡ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ | ᠰᠡᠳᠬᠢᠯ ᠢ ᠨᠢᠭᠲᠠᠷᠠᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠷᠢᠯᠲᠠ ᠪᠠ ᠲᠤᠰᠤᠯᠲᠠ ᠪᠣᠯᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠨᠡᠩ ᠡᠷᠡᠭᠦᠯ᠂ ᠨᠡᠩ | ᠵᠣᠯ ᠵᠢᠷᠭᠠᠯ ᠲᠠᠢ ᠴᠢᠨᠠᠷ ᠰᠠᠶᠢᠲᠠᠢ ᠠᠮᠢᠳᠤᠷᠠᠯ ᠢ ᠡᠳ᠋ᠯᠡᠭᠦᠯᠬᠦ ᠬᠡᠷᠡᠭᠲᠡᠢ᠃ | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |