3 ᠰᠠᠷ᠎ᠠ ᠶᠢᠨ 22 ᠤᠨ ᠡᠳᠦᠷ ᠪᠣᠯ ᠳᠡᠯᠡᠬᠡᠶ ᠶᠢᠨ ᠤᠰᠤᠨ ᠤ ᠡᠳᠦᠷ ᠮᠥᠨ᠂ ᠤᠰᠤ ᠠᠷᠪᠢᠯᠠᠬᠤ ᠮᠡᠳᠡᠯᠭᠡ ᠶᠢ | ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠲᠦᠮᠡᠨ ᠤ ᠤᠰᠤ ᠶᠢ ᠠᠷᠪᠢᠯᠠᠵᠤ ᠬᠡᠷᠡᠭᠯᠡᠬᠦ ᠤᠬᠠᠮᠰᠠᠷ ᠢ | ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠪᠠᠯᠭᠠᠰᠤᠨ ᠤ | ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠰᠢᠶᠠᠩ ᠾᠧ ᠲᠠᠯᠠᠪᠠᠶ ᠳᠤ ︽ᠳᠡᠯᠡᠬᠡᠶ ᠶᠢᠨ ᠤᠰᠤᠨ ᠤ | ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ | ᠡᠷᠭᠢᠯᠡᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠶᠧ ᠢᠦᠶ᠂ ᠪᠠᠶᠢᠴᠠᠭᠠᠬᠤ ᠬᠤᠷᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃ ᠵᠠᠩ | ᠶᠧ ᠢᠦᠢ ᠪᠠᠶᠠᠷ ᠤᠨ ᠦᠭᠡ ᠳᠡᠭᠡᠨ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠤᠰᠤ ᠵᠠᠰᠠᠬᠤ ᠰᠡᠳᠬᠢᠴᠡ | ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠢᠯᠤᠭᠤᠳᠤᠯᠭ᠎ᠠ ᠳᠣᠣᠷ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠤᠰᠤ ᠠᠷᠪᠢᠯᠠᠬᠤ ᠲᠦᠷᠢᠮ︾ ᠢ ᠰᠠᠶᠢᠲᠤᠷ ᠲᠤᠭᠤᠰᠢᠯᠠᠭᠤᠯᠤᠨ | ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠲᠥᠰᠦᠯ ᠤᠨ | ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ | ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠤᠰᠤᠨ ᠤ | ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ | ᠰᠠᠶᠢᠲᠤᠷ ᠬᠠᠮᠢᠶᠠᠷᠴᠤ᠂ ᠤᠰᠤ ᠬᠡᠷᠡᠭᠯᠡᠬᠦ ᠦᠷ᠎ᠡ ᠪᠦᠲᠦᠮᠵᠢ ᠪᠣᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠪᠦᠬᠦ | ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ᠃ ᠠᠵᠢᠯᠯᠠᠭ᠎ᠠ ᠶᠢᠨ ᠲᠤᠬᠠᠶ ᠶᠢᠨ | ᠲᠠᠯᠠᠪᠠᠶ ᠳᠤ᠂ ᠠᠵᠢᠯᠲᠠᠳ ᠤᠰᠤ ᠠᠷᠪᠢᠯᠠᠬᠤ ᠤᠷᠢᠶ᠎ᠠ ᠯᠣᠽᠦ᠋ᠩ ᠡᠯᠭᠦᠬᠦ᠂ ᠤᠰᠤ ᠠᠷᠪᠢᠯᠠᠬᠤ ᠮᠡᠳᠡᠯᠭᠡ ᠶᠢᠨ | ᠦᠵᠡᠭᠦᠯᠭᠡ ᠶᠢᠨ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠤᠰᠤ | ᠠᠷᠪᠢᠯᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠲᠡᠷᠭᠡᠨ ᠠᠴᠠ | ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠤᠰᠤ ᠶᠢ ᠠᠷᠪᠢᠯᠠᠨ ᠬᠡᠷᠡᠭᠯᠡᠵᠦ᠂ ᠤᠰᠤ ᠶᠢ ᠵᠣᠬᠢᠰᠲᠠᠢ | ᠠᠰᠢᠭᠯᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢ ᠰᠠᠨᠠᠭᠠᠴᠢᠯᠠᠪᠠ᠃ | ︽ᠥᠪᠥᠷ ᠮᠣᠩᠭᠤᠯ ᠤᠨ ᠤᠰᠤ ᠠᠷᠪᠢᠯᠠᠬᠤ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠪᠢᠳᠡ 2025 ᠣᠨ ᠤ | ᠳᠤᠮᠳᠠᠳᠤ ᠤᠯᠤᠰ ᠤᠨ ᠤᠰᠤᠨ ᠭᠠᠷᠠᠭ ᠢᠶᠠᠷ ᠠᠵᠠ ᠲᠣᠬᠢᠶᠠᠯ ᠪᠣᠯᠭᠠᠨ᠂ ᠣᠯᠠᠨ ᠵᠦᠢᠯ ᠤᠨ ᠬᠡᠯᠪᠡᠷᠢ ᠪᠠᠷ ᠣᠯᠠᠨ | ᠲᠦᠮᠡᠨ ᠳᠤ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠢᠶᠠᠷ ᠢᠶᠠᠨ ᠡᠳᠦᠷ ᠲᠤᠲᠤᠮ ᠤᠨ | ᠠᠮᠢᠳᠤᠷᠠᠯ ᠳᠤᠮᠳᠠ ᠤᠰᠤ ᠶᠢ ᠠᠷᠪᠢᠯᠠᠵᠤ ᠬᠡᠷᠡᠭᠯᠡᠬᠦ ᠶᠢ ᠰᠠᠨᠠᠭᠠᠴᠢᠯᠠᠨ᠂ ᠣᠯᠠᠨ ᠤ ᠤᠰᠤ ᠠᠷᠪᠢᠯᠠᠵᠤ ᠤᠰᠤ | ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠨᠠᠩ ᠣᠯᠠᠨ ᠬᠥᠮᠦᠨ ᠢ ᠤᠰᠤ ᠠᠷᠪᠢᠯᠠᠬᠤ ᠠᠵᠢᠯᠯᠠᠭ᠎ᠠ ᠳᠤ | ᠣᠷᠣᠯᠴᠠᠭᠤᠯᠵᠤ᠂ ᠱᠠᠩᠳᠤ ᠰᠢᠶᠠᠨ ᠤ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠨ᠎ᠡ︾ ᠭᠡᠵᠦ ᠬᠡᠯᠡᠪᠡ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠰᠠᠭᠤᠭᠠᠯᠢ ᠠᠷᠠᠳ ᠲᠤ ᠮᠠᠨ ᠤ | ᠤᠯᠤᠰ ᠤᠨ ᠤᠰᠤᠨ ᠤ ᠡᠬᠢ ᠪᠠᠶᠠᠯᠢᠭ ᠤᠨ ᠪᠠᠶᠢᠳᠠᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠣᠶᠢᠯᠠᠭᠠᠭᠤᠯᠵᠤ᠂ ᠤᠰᠤᠨ ᠤ ᠡᠬᠢ ᠪᠠᠶᠠᠯᠢᠭ ᠤᠨ ᠬᠢᠵᠠᠭᠠᠷᠲᠤ ᠴᠢᠨᠠᠷ ᠪᠠ ᠤᠰᠤ ᠳᠤᠲᠠᠭᠳᠠᠵᠤ | ᠪᠠᠶᠢᠭ᠎ᠠ ᠬᠦᠨᠳᠦ ᠨᠣᠴᠢᠲᠠᠶ ᠴᠢᠨᠠᠷ ᠢ ᠭᠦᠨᠵᠡᠭᠡᠶ ᠲᠠᠨᠢᠭᠤᠯᠵᠤ᠂ ᠣᠯᠠᠨ ᠲᠦᠮᠡᠨ ᠤ ᠤᠰᠤᠨ ᠤ ᠡᠬᠢ ᠪᠠᠶᠠᠯᠢᠭ ᠢ | ᠬᠠᠮᠠᠭᠠᠯᠠᠬᠤ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠪᠥᠬᠦ | ᠠᠷᠠᠳ ᠤᠨ ᠬᠠᠤᠯᠢ ᠶᠣᠰᠣᠭᠠᠷ ᠤᠰᠤ ᠬᠡᠷᠡᠭᠯᠡᠬᠦ ᠶᠢ ᠠᠬᠢᠭᠤᠯᠵᠤ᠂ ᠤᠰᠤ ᠶᠢ ᠠᠷᠪᠢᠯᠠᠨ ᠬᠡᠷᠡᠭᠯᠡᠵᠦ᠂ ᠤᠰᠤᠨ ᠤ | ᠡᠬᠢ ᠪᠠᠶᠠᠯᠢᠭ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃ | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |