ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠤᠤ ᠬᠠᠶ ᠽᠢ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠣᠯᠤᠨ ᠠᠨ ᠺᠠᠩ ᠡᠮᠨᠡᠯᠭᠡ ᠶᠢᠨ ᠬᠤᠷᠢᠶ᠎ᠠ ᠬᠠᠮᠲᠤᠷᠠᠨ ᠯᠸᠢ | ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠰᠢᠶᠤᠤ ᠬᠠᠶ ᠽᠢ ᠪᠠᠯᠭᠠᠰᠤᠨ ᠤ ᠰᠢᠶᠠᠩ ᠶᠠᠩ ᠲᠣᠰᠬᠤᠨ ᠤ | ᠠᠷᠠᠳ ᠲᠤ ᠰᠦᠶ᠋ᠳᠬᠡᠯ ᠬᠤᠷᠢᠶᠠᠬᠤ ᠥᠬᠡᠶ ᠡᠷᠡᠭᠦᠯ ᠮᠡᠨᠳᠦ ᠶᠢᠨ ᠪᠠᠶᠢᠴᠠᠭᠠᠯᠲᠠ ᠪᠠ ᠡᠮᠴᠢᠯᠡᠭᠡᠨ ᠤ ᠯᠠᠪᠯᠠᠭ᠎ᠠ ᠶᠢᠨ | ᠦᠶ᠋ᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ | ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠪᠠ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠠᠨ ᠺᠠᠩ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ | ᠲᠣᠰᠬᠤᠨ ᠤ ᠠᠷᠠᠳ ᠲᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠰᠢᠯᠭᠠᠨ ᠪᠠᠶᠢᠴᠠᠭᠠᠬᠤ᠂ ᠣᠯᠠᠨ ᠢ | ᠬᠠᠪᠰᠤᠷᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠢ ᠣᠶᠢᠯᠠᠭᠠᠭᠤᠯᠪᠠ᠃ ᠡᠮᠴᠢ ᠨᠡᠷ ᠲᠤᠬᠠᠶ ᠶᠢᠨ | ᠲᠠᠯᠠᠪᠠᠶ ᠶᠢᠨ ᠲᠣᠰᠬᠤᠨ ᠤ ᠠᠷᠠᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ | ᠰᠡᠷᠭᠡᠶᠢᠯᠡᠨ ᠵᠠᠰᠠᠬᠤ ᠲᠤᠬᠠᠶ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠲᠤᠰᠬᠠᠶ | ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ ᠬᠠᠩᠭᠠᠵᠤ᠂ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠰᠡᠷᠭᠡᠶᠢᠯᠡᠬᠦ | ᠪᠠ ᠡᠷᠡᠭᠦᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠡᠶ᠃ ᠣᠯᠠᠨ ᠲᠦᠮᠡᠨ ᠳᠤ ᠡᠷᠡᠭᠦᠯ ᠮᠡᠨᠳᠦ ᠶᠢᠨ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠪᠠ ᠲᠤᠬᠠᠶ ᠶᠢᠨ ᠲᠠᠯᠠᠪᠤᠷ ᠤᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠲᠣᠰ | ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠢᠶᠠᠷ | ᠪᠠᠷᠠᠬᠤ ᠥᠬᠡᠶ ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠣᠯᠠᠨ ᠤ ᠬᠠᠯᠠᠭᠤᠨ ᠬᠦᠷᠢᠶᠡᠯᠡᠯ ᠢ | ᠣᠯᠤᠭᠰᠠᠨ ᠪᠠ ᠢᠳᠡᠪᠬᠢᠲᠡᠶ ᠣᠷᠣᠯᠴᠠᠭᠰᠠᠨ ᠨᠢ ᠡᠷᠡᠭᠦᠯ ᠮᠡᠨᠳᠦ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ | ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠲᠣᠰ | ᠤᠳᠠᠭᠠᠨ ᠤ ᠠᠵᠢᠯᠯᠠᠭ᠎ᠠ ᠪᠠᠷ ᠳᠠᠮᠵᠢᠨ᠂ ᠯᠸᠢ ᠹᠧᠩ ᠤᠨ ᠵᠣᠷᠢᠭ ᠰᠠᠨᠠᠭ᠎ᠠ ᠤᠯᠠᠮ ᠨᠢᠭᠡ ᠠᠯᠬᠤᠮ ᠪᠠᠳᠠᠷᠠᠵᠤ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ | ᠬᠠᠳᠠᠩᠰᠢᠪᠠ᠃ | ᠰᠢᠶᠤᠤ ᠬᠠᠢ ᠽᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ | ᠦᠷᠭᠦᠯᠵᠢᠯᠡᠨ ᠡᠯ᠎ᠡ ᠲᠠᠯ᠎ᠠ ᠶᠢᠨ ᠡᠬᠢ ᠪᠠᠶᠠᠯᠢᠭ ᠲᠠᠢ ᠬᠤᠯᠪᠣᠭᠠᠯᠠᠨ᠂ ᠨᠡᠩ ᠤᠯᠠᠨ ᠬᠡᠯᠪᠡᠷᠢ ᠤᠯᠠᠨ ᠶᠠᠩᠵᠤ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠡᠩ ᠤᠯᠠᠨ ᠦᠨᠡᠨ ᠪᠣᠳᠠᠲᠠᠢ ᠦᠢᠯᠡᠴᠢᠯᠡᠭᠡ | ᠬᠠᠩᠭᠠᠵᠤ᠂ ᠨᠡᠶᠢᠭᠡᠮ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠪᠣᠯᠤᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |