ᠴᠢ ᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠤᠷᠠᠮᠳᠤᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠬᠤ︾ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ
ᠨᠡᠶᠢᠲᠡᠯᠡᠭᠰᠡᠨ ᠴᠠᠭ᠄
2025/3/28
    ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠴᠢ ᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠤᠯᠪᠣᠭᠠᠲᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠤᠷᠠᠮᠳᠤᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠬᠤ︾ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠵᠤ᠂ ᠲᠠᠷᠢᠶᠠᠴᠢᠳ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ ᠶᠤᠮ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠪᠦᠷᠢᠯᠳᠦᠬᠦᠨ᠂ ᠳᠠᠷᠢᠵᠤ ᠲᠡᠵᠢᠭᠡᠨ ᠦᠷᠡᠵᠢᠭᠦᠯᠬᠦ ᠲᠤᠮᠤ ᠡᠷᠦᠬᠡ ᠨᠡᠶᠢᠳᠡ 240 ᠭᠠᠷᠤᠢ ᠬᠥᠮᠦᠨ ᠤᠳᠠᠭ᠎ᠠ ᠲᠤᠰ ᠤᠳᠠᠭ᠎ᠠ ᠶᠢᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠫᠷᠣᠹᠧᠰᠰᠣᠷ ᠯᠢ ᡁᠢ ᠫᠷᠤᠹᠧᠰᠰᠤᠷ ︽ᠴᠠᠭᠠᠰᠤᠨ ᠬᠤᠭᠤᠯᠠᠨ ᠳᠤ ᠰᠢᠬᠢᠷ ᠯᠤᠤᠪᠠᠩ ᠪᠤᠶᠢᠵᠢᠭᠤᠯᠵᠤ ᠰᠢᠬᠢᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ︾ ᠤᠨ ᠲᠣᠭᠤᠷᠢᠨ ᠳᠤ ᠬᠢᠴᠢᠶᠡᠯ ᠣᠷᠣᠵᠤ᠂ ᠰᠢᠨᠵᠢᠯᠡᠬᠦ ᠤᠬᠠᠭᠠᠨᠴᠢ ᠪᠠᠷ ᠲᠠᠷᠢᠬᠤ ᠠᠷᠭ᠎ᠠ ᠶᠢ ᠳᠡᠯᠭᠡᠷᠡᠭᠦᠯᠦᠨ᠂ ᠲᠠᠷᠢᠶᠠᠴᠢᠨ ᠡᠷᠦᠬᠡ ᠶᠢᠨ ᠰᠢᠬᠢᠷ ᠯᠤᠤᠪᠠᠩ ᠤᠨ ᠴᠢᠬᠢ ᠪᠤᠶᠢᠵᠢᠭᠤᠯᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠵᠢᠴᠢ ᠰᠢᠬᠢᠷ ᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠡᠵᠡᠮᠰᠢᠬᠦ ᠴᠢᠳᠠᠪᠤᠷᠢ ᠶᠢ ᠳᠡᠭᠡᠭᠰᠢᠯᠡᠭᠦᠯᠪᠡ︔ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠢᠶᠠᠨ ᠯᠦ ᠫᠷᠤᠹᠧᠰᠰᠤᠷ ︽ᠰᠢᠬᠢᠷ ᠯᠤᠤᠪᠠᠩ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠢᠳᠡᠭᠵᠢᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠪᠠ ᠡᠯᠪᠡᠭ ᠬᠤᠷᠢᠶᠠᠯᠲᠠ ᠶᠢ ᠪᠡᠶᠡᠯᠡᠭᠦᠯᠬᠦ︾ ᠲᠣᠭᠤᠷᠢᠨ ᠳᠤ ᠬᠢᠴᠢᠶᠡᠯ ᠣᠷᠣᠵᠤ᠂ ᠤᠨᠠᠯᠲᠠ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠰᠢᠬᠢᠷ ᠯᠤᠤᠪᠠᠩ ᠤᠨ ᠠᠵᠤ ᠦᠢᠯᠡᠰ ᠤᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠪᠠ ᠦᠷᠭᠦᠯᠵᠢᠯᠡᠨ ᠬᠥᠭᠵᠢᠬᠦ ᠶᠢ ᠠᠬᠢᠭᠤᠯᠪᠠ︔ ᠵᠠᠩ ᠵᠢᠶᠠ ᠺᠸᠦ ᠬᠤᠲᠠ ᠶᠢᠨ ᠲᠠᠷᠢᠶᠠᠯᠠᠩ ᠤᠨ ᠲᠣᠪᠴᠢᠶ᠎ᠠ ᠶᠢᠨ ᠰᠦ᠋ ᠦ᠋ ᠴᠧᠨ ᠫᠷᠤᠹᠧᠰᠰᠤᠷ ︽ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ︾ ᠤᠨ ᠲᠣᠭᠤᠷᠢᠨ ᠳᠤ ᠬᠢᠴᠢᠶᠡᠯ ᠣᠷᠣᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠ ᠨᠠᠷᠢᠯᠢᠭ ᠣᠨᠣᠴᠠᠲᠠᠶ ᠪᠠᠷ ᠪᠣᠷᠳᠣᠭᠤᠷ ᠣᠷᠣᠭᠤᠯᠬᠤ ᠣᠨᠣᠯᠵᠢᠬᠤᠨ ᠢ ᠲᠦᠭᠡᠮᠡᠯᠵᠢᠭᠦᠯᠦᠨ᠂ ᠡᠮ ᠢ ᠪᠠᠭᠠᠰᠬᠠᠨ ᠥᠪᠡᠷ ᠤᠨ ᠥᠷᠲᠡᠭ ᠢ ᠪᠠᠭᠤᠷᠠᠭᠤᠯᠬᠤ᠂ ᠭᠠᠷᠤᠯᠲᠠ ᠪᠠᠨ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠬᠤᠤᠰ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃ ᠭᠤᠷᠪᠠᠨ ᠫᠷᠤᠹᠧᠰᠰᠤᠷ ᠬᠡᠷᠡᠭ ᠤᠨ ᠵᠢᠱᠢᠶ᠎ᠡ ᠶᠢ ᠵᠠᠳᠠᠯᠬᠤ ᠪᠠ PPT ᠶᠢᠨ ᠦᠵᠡᠭᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠠᠷᠢᠶᠠᠴᠢᠳ ᠢ ᠬᠠᠪᠰᠤᠷᠤᠨ ᠮᠡᠷᠭᠡᠵᠢᠯ ᠤᠨ ᠭᠤᠤᠯᠳᠠᠯᠭ᠎ᠠ ᠶᠢ ᠡᠵᠡᠮᠰᠢᠵᠡᠶ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠵᠢᠭᠰᠠᠭᠠᠯ ᠤᠨ ᠭᠠᠵᠠᠷ ᠪᠣᠯᠭᠠᠵᠤ᠂ ︽ᠣᠨᠣᠯ ᠦᠢᠯᠡᠳᠦᠯᠭᠡ︾ ᠶᠢ ᠤᠶᠠᠯᠳᠤᠭᠤᠯᠤᠭᠰᠠᠨ ᠵᠠᠭᠪᠤᠷ ᠢᠶᠠᠷ ᠳᠠᠮᠵᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ᠂ ᠠᠷᠠᠳ ᠤᠨ ᠲᠥᠯᠥᠭᠡ ᠦᠢᠯᠡᠴᠢᠯᠡᠬᠦ ᠵᠣᠷᠢᠯᠲᠠ ᠶᠢ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠤᠬᠠᠭᠤᠯᠤᠨ ᠳᠡᠯᠭᠡᠷᠡᠭᠦᠯᠬᠦ ᠪᠠ ᠣᠯᠠᠨ ᠲᠦᠮᠡᠨ ᠤ ᠳᠠᠶᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠤᠬᠠᠭᠤᠯᠬᠤ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠬᠦᠨᠳᠡᠬᠦ ᠨᠣᠷᠮ᠎ᠠ ᠶᠢ ᠨᠡᠮᠡᠭᠳᠡᠭᠦᠯᠵᠦ᠂ ᠵᠠᠰᠠᠭ ᠤᠨ ᠣᠷᠳᠣᠨ᠂ ᠨᠡᠶᠢᠭᠡᠮ᠂ ᠲᠣᠰᠬᠤᠨ ᠤ ᠠᠷᠠᠳ ᠭᠤᠷᠪᠠᠨ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2