ᠴᠢᠦ ᠵᠢᠶᠦ᠋ᠨ ᠵᠢᠶᠧ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/28
   3 ᠰᠠᠷ᠎ᠠ ᠶᠢᠨ 27 ᠤ ᠡᠳᠦᠷ᠂ ᠱᠠᠩᠳᠤ ᠰᠢᠶᠠᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠠᠩ ᠶᠦᠩ ᠡᠩ ᠤᠨ ᠨᠠᠮ ᠤᠨ ᠭᠡᠰᠢᠭᠦᠨ ᠤ ᠬᠤᠪᠢ ᠪᠠᠷ ᠣᠷᠣᠯᠴᠠᠪᠠ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠡᠭᠡᠷ᠎ᠡ ᠵᠢᠯ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠪᠡ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠨᠠᠮ ᠤᠨ ᠡᠭᠦᠷ ᠢ ᠦᠨᠡᠯᠡᠬᠦ ᠶᠢᠨ ᠬᠠᠮᠲᠤ ᠨᠠᠮ ᠤᠨ ᠭᠡᠰᠢᠭᠦᠨ ᠢ ᠠᠷᠠᠳᠴᠢᠯᠠᠯ ᠢᠶᠠᠷ ᠰᠢᠯᠭᠠᠨ ᠦᠨᠡᠯᠡᠬᠦ ᠠᠵᠢᠯ ᠢ ᠥᠷᠨᠢᠭᠦᠯᠪᠡ᠃    ᠴᠢᠦ ᠵᠢᠶᠦ᠋ᠨ ᠵᠢᠶᠧ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠶᠢ ᠨᠤᠲᠠᠯᠠᠪᠠ᠃ ᠲᠡᠷᠡ ᠬᠡᠯᠡᠬᠦ ᠳᠡᠭᠡᠨ᠂ ᠵᠠᠰᠠᠭ ᠤᠨ ᠣᠷᠳᠣᠨ ᠤ ᠠᠯᠪᠠᠨ ᠭᠡᠷ ᠪᠣᠯ ᠰᠢᠶᠠᠨ ᠤ ᠵᠠᠰᠠᠭ ᠤᠨ ᠣᠷᠳᠣᠨ ᠤ ᠵᠠᠩᠭᠢᠯᠠᠭ᠎ᠠ ᠶᠢᠨ ᠰᠠᠯᠠᠭ᠎ᠠ ᠮᠥᠴᠢᠷ ᠮᠥᠨ᠂ ᠲᠡᠷᠡ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠵᠡᠭᠦᠨ ᠪᠠᠷᠠᠭᠤᠨ ᠲᠠᠯ᠎ᠠ ᠶᠢ ᠨᠡᠪᠲᠡᠷᠡᠯᠴᠡᠬᠦ᠂ ᠡᠯ᠎ᠡ ᠲᠠᠯ᠎ᠠ ᠶᠢᠨ ᠬᠢᠨ ᠲᠠᠢ ᠬᠠᠷᠢᠯᠴᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠥᠩᠭᠡᠷᠡᠭᠰᠡᠨ ᠨᠢᠭᠡ ᠵᠢᠯ ᠳᠤ᠂ ᠠᠯᠪᠠᠨ ᠬᠡᠷ ᠨᠢ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠨ᠂ ᠪᠢᠴᠢᠭ ᠮᠠᠲ᠋ᠧᠷᠢᠶᠠᠯ ᠬᠤᠷᠠᠯ ᠡᠷᠭᠢᠯᠡᠬᠦ᠂ ᠡᠬᠡ ᠪᠢᠴᠢᠭ ᠨᠠᠶᠢᠷᠠᠭᠤᠯᠤᠨ ᠪᠢᠴᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠬᠢᠨᠠᠨ ᠵᠢᠯᠣᠭᠤᠳᠴᠤ ᠪᠠᠶᠢᠴᠠᠭᠠᠬᠤ᠂ ᠠᠷᠤ ᠲᠠᠯ᠎ᠠ ᠶᠢᠨ ᠦᠶ᠋ᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠶ᠋ᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠵᠠᠰᠠᠭ ᠤᠨ ᠣᠷᠳᠣᠨ ᠤ ᠡᠯ᠎ᠡ ᠵᠦᠶ᠋ᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠪᠠ᠃    ᠴᠢᠦ ᠵᠢᠶᠦ᠋ᠨ ᠵᠢᠶᠧ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠨᠥᠬᠦᠳ ᠲᠤ ᠬᠦᠰᠡᠯ ᠱᠠᠭᠠᠷᠳᠠᠯᠭ᠎ᠠ ᠳᠤᠷᠠᠳᠴᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠪᠦᠬᠦ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢ ᠴᠢᠩᠭ᠎ᠠ ᠡᠵᠡᠮᠳᠡᠵᠦ᠂ ᠪᠠᠷᠠᠭᠠᠯᠬᠢᠯᠠᠯ ᠤᠨ ᠴᠢᠨᠠᠷᠲᠠᠢ ᠪᠠᠷ ᠪᠣᠳᠣᠯᠬᠢᠯᠠᠵᠤ᠂ ᠪᠦᠬᠦ ᠲᠠᠯ᠎ᠠ ᠶᠢᠨ ᠴᠢᠨᠠᠷᠲᠠᠢ ᠪᠠᠷ ᠲᠥᠯᠥᠪᠵᠢᠭᠦᠯᠵᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠠᠬᠢᠭᠤᠯᠵᠤ᠂ ᠪᠦᠬᠦ ᠰᠢᠶᠠᠨ ᠤ ︽ᠲᠥᠪ ᠪᠠᠶᠢᠭᠤᠯᠭ᠎ᠠ︾ ᠪᠣᠯᠤᠨ ᠤᠳᠤᠷᠢᠳᠤᠯᠭ᠎ᠠ ᠶᠢᠨ ︽ᠵᠥᠪᠯᠡᠭᠴᠢ ᠬᠠᠪᠰᠤᠷᠤᠭᠴᠢ︾ ᠪᠣᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠤᠪᠢ ᠶᠢᠨ ᠠᠰᠢᠭ ᠢᠶᠠᠨ ᠲᠡᠪᠴᠢᠨ ᠨᠡᠶᠢᠲᠡ ᠶᠢᠨ ᠲᠥᠯᠥᠭᠡ ᠵᠢᠳᠬᠦᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠨᠠᠮ ᠤᠨ ᠭᠡᠰᠢᠭᠦᠨ ᠺᠠᠳ᠋ᠷ ᠪᠣᠯᠬᠤ ᠬᠡᠷᠡᠭᠲᠡᠢ᠃ ᠵᠣᠷᠢᠯᠲᠠ ᠶᠢᠨ ᠤᠬᠠᠮᠰᠠᠷ ᠢ ᠭᠦᠨᠵᠡᠭᠡᠶᠢᠷᠡᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠲᠦᠷᠦ ᠶᠢᠨ ᠪᠤᠳᠤᠯᠭ᠎ᠠ ᠶᠢ ᠰᠤᠳᠤᠯᠬᠤ᠂ ᠱᠠᠯᠠᠪᠳᠠᠭᠤᠯᠤᠨ ᠪᠠᠶᠢᠴᠠᠭᠠᠬᠤ ᠶᠢ ᠨᠠᠶᠢᠳᠠᠪᠤᠷᠢᠵᠢᠭᠤᠯᠬᠤ᠂ ᠪᠠᠶᠢᠴᠠᠭᠠᠨ ᠰᠤᠳᠤᠯᠬᠤ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠦᠨᠡᠨ ᠬᠦ ᠲᠣᠳᠣᠷᠬᠠᠢ ᠣᠶᠢᠯᠠᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠨᠢᠭᠡᠪᠦᠷᠢ ᠨᠢ ᠴᠥᠮ ᠠᠷᠠᠳ ᠤᠨ ᠳᠠᠭᠤᠨ ᠢ ᠢᠯᠡᠷᠡᠭᠦᠯᠵᠦ᠂ ᠠᠷᠠᠳ ᠤᠨ ᠰᠠᠨᠠᠭᠠᠨ ᠳᠤ ᠨᠡᠶᠢᠴᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠭᠡᠷ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ︽ᠲᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2