ᠰᠢᠨᠵᠢᠯᠡᠬᠦ ᠤᠬᠠᠭᠠᠨ ᠮᠡᠷᠭᠡᠵᠢᠯ ᠪᠣᠯ ᠲᠠᠷᠢᠶᠠᠯᠠᠩ ᠤᠨ ᠣᠳᠣᠬᠢᠴᠢᠯᠠᠯᠲᠠ ᠶᠢᠨ ᠴᠢᠬᠤᠯᠠ ᠲᠤᠯᠭᠠᠭᠤᠷᠢᠯᠠᠯ ᠮᠥᠨ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠯᠲᠡ ᠶᠢ ᠠᠬᠢᠭᠤᠯᠬᠤ ᠶᠢᠨ | ᠲᠥᠯᠥᠭᠡ᠂ 3 ᠰᠠᠷ᠎ᠠ ᠶᠢᠨ 26 ᠤ ᠡᠳᠦᠷ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠢ ᠲᠠᠢ ᠪᠠᠯᠭᠠᠰᠤᠨ ᠤ ᠵᠠᠰᠠᠭ ᠤᠨ ᠣᠷᠳᠣᠨ | ᠬᠠᠮᠲᠤᠷᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠤᠷᠠᠮᠳᠤᠭᠤᠯᠵᠤ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠬᠠᠮᠠᠭᠠᠯᠠᠬᠤ︾ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠡᠷᠭᠢᠯᠡᠪᠡ᠃ ᠴᠢ ᠲᠠᠢ | ᠪᠠᠯᠭᠠᠰᠤᠨ ᠤ 80 ᠭᠠᠷᠤᠢ ᠳᠠᠷᠢᠵᠤ ᠲᠡᠵᠢᠭᠡᠨ ᠦᠷᠡᠵᠢᠭᠦᠯᠬᠦ ᠲᠤᠮᠤ ᠡᠷᠦᠬᠡ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ | ᠬᠠᠨᠳᠤᠰᠢ ᠲᠠᠢ ᠨᠢᠭᠲᠠ ᠤᠶᠠᠯᠳᠤᠭᠤᠯᠤᠨ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠪᠥᠬᠦ ᠶᠠᠪᠤᠴᠠ ᠶᠢᠨ | ᠲᠣᠭᠤᠷᠢᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠭᠤᠯᠤᠯᠲᠤ ᠬᠠᠭᠠᠯᠭ᠎ᠠ ᠬᠤᠲᠠ ᠶᠢᠨ ᠲᠠᠷᠢᠶᠠᠯᠠᠩ ᠤᠨ ᠲᠣᠪᠴᠢᠶ᠎ᠠ ᠶᠢᠨ | ᠲᠤᠰᠬᠠᠶ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠶ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠪᠠ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠮᠡᠷᠭᠡᠵᠢᠯ᠂ ᠴᠠᠭᠠᠰᠤᠨ | ᠭᠤᠤᠷᠰᠤᠨ ᠳᠤ ᠴᠢᠬᠢ ᠪᠤᠶᠢᠵᠢᠭᠤᠯᠤᠨ ᠰᠢᠬᠢᠷ ᠭᠠᠷᠭᠠᠬᠤ ᠵᠠᠩᠭᠢᠯᠠᠭ᠎ᠠ ᠶᠢᠨ ᠮᠡᠷᠭᠡᠵᠢᠯ᠂ ᠰᠢᠬᠢᠷ ᠯᠤᠤᠪᠠᠩ ᠤᠨ | ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠢᠳᠡᠭᠵᠢᠭᠦᠯᠬᠦ ᠬᠡᠳᠦᠨ ᠲᠠᠯ᠎ᠠ ᠠᠴᠠ ᠣᠨᠣᠯ ᠢᠶᠠᠷ ᠬᠢᠴᠢᠶᠡᠯᠯᠡᠬᠦ ᠪᠠ | ᠰᠣᠯᠢᠯᠴᠠᠨ ᠶᠠᠷᠢᠯᠴᠠᠬᠤ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠦᠶ᠋ᠯᠡᠳᠪᠦᠷᠢᠯᠡᠯ ᠤᠨ ᠶᠠᠪᠤᠴᠠ ᠳᠤ | ᠲᠤᠯᠭᠠᠷᠠᠭᠰᠠᠨ ᠪᠣᠳᠠᠲᠠᠶ ᠠᠰᠠᠭᠤᠳᠠᠯ ᠳᠤ ᠬᠠᠷᠢᠭᠤᠯᠲᠠ ᠥᠭᠴᠦ᠂ ᠲᠠᠷᠢᠶᠠᠴᠢᠨ ᠡᠷᠦᠬᠡ ᠳᠤ ᠲᠠᠷᠢᠮᠠᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠭᠤᠯᠵᠤ᠂ ᠬᠠᠪᠤᠷ ᠤᠨ | ᠤᠯᠠᠷᠢᠯ ᠤᠨ ᠲᠠᠷᠢᠶᠠᠨ ᠭᠠᠵᠠᠷ ᠤᠨ ᠪᠣᠷᠳᠣᠭᠤᠷ ᠣᠷᠣᠭᠤᠯᠬᠤ ᠤᠷ᠎ᠠ ᠮᠡᠷᠭᠡᠵᠢᠯ ᠢ ᠡᠵᠡᠮᠰᠢᠭᠦᠯᠵᠦ᠂ ᠲᠠᠷᠢᠶᠠᠨ | ᠡᠮ ᠤᠨ ᠬᠡᠷᠡᠭᠯᠡᠯᠲᠡ ᠪᠠ ᠠᠶᠤᠯᠭᠦᠶ ᠠᠵᠢᠯᠯᠠᠬᠤ ᠠᠷᠭ᠎ᠠ ᠶᠢ ᠰᠤᠷᠤᠯᠴᠠᠭᠤᠯᠵᠤ᠂ ᠡᠪᠡᠳᠴᠢᠨ ᠬᠤᠷᠣᠬᠠᠶ ᠶᠢᠨ | ᠬᠥᠨᠥᠭᠡᠯ ᠢ ᠢᠯᠭᠠᠨ ᠲᠠᠨᠢᠬᠤ ᠪᠠ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠢ ᠱᠠᠩᠳᠤ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ 3 ᠰᠠᠷ᠎ᠠ ᠶᠢᠨ 18 ᠤ ᠡᠳᠦᠷ ᠠᠴᠠ ᠡᠬᠢᠯᠡᠨ᠂ ᠣᠳᠣᠬᠠᠨ ᠳᠤ ᠨᠢᠭᠡᠨᠲᠡ ᠪᠥᠬᠦ | ᠰᠢᠶᠠᠨ ᠤ ᠠᠷᠪᠠᠨ ᠰᠢᠶᠠᠩ ᠪᠠᠯᠭᠠᠰᠤᠨ ᠤ ᠮᠢᠩᠭ᠎ᠠ ᠰᠢᠬᠠᠮ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠳᠤ | ᠪᠣᠯᠪᠠᠰᠤᠷᠠᠯ ᠬᠦᠷᠲᠡᠭᠡᠵᠦ᠂ ᠦᠨᠡᠨ ᠬᠦ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠷᠳᠤᠴᠠ ᠶᠢ ᠲᠦᠷᠭᠡᠳᠭᠡᠵᠦ︾ ᠪᠠᠶᠢᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |