3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠪᠦᠯᠬᠦᠮ | ᠳᠠᠭᠠᠭᠤᠯᠤᠨ ᠮᠠᠨ ᠤ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠣᠷᠣᠯᠴᠠᠪᠠ᠃ | ᠶᠠᠩ ᠸᠧᠨ ᠾᠦᠢ ᠬᠤᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠵᠡᠭᠡᠯᠢ ᠳᠠᠭᠠᠤ ᠬᠤᠲᠠ ᠶᠢᠨ ᠳᠦᠷᠢ | ᠲᠥᠷᠬᠦ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠬᠤᠲᠠ ᠶᠢᠨ ᠲᠣᠭᠤᠷᠢᠭ ᠤᠨ ᠲᠡᠷᠭᠡᠨ ᠵᠣᠭᠰᠣᠭᠠᠯ᠂ ᠬᠤᠲᠠ ᠶᠢᠨ ᠨᠣᠭᠤᠭᠠᠷᠠᠭᠤᠯᠤᠯᠲᠠ ᠭᠡᠷᠡᠯᠲᠦᠭᠦᠯᠭᠡ ᠵᠢᠴᠢ | ᠲᠦᠢᠯ ᠤᠨ ᠴᠠᠭ ᠠᠭᠤᠷ ᠤᠨ ᠳᠣᠤᠷᠠᠬᠢ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠦᠵᠡᠭᠰᠡᠨ | ᠪᠥᠭᠡᠳ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠵᠦᠢᠯᠡᠰ ᠢ | ᠲᠤᠬᠠᠶ ᠶᠢᠨ ᠲᠠᠯᠠᠪᠤᠷ ᠲᠤᠨᠢ ᠲᠤᠰᠢᠶᠠᠨ ᠥᠭᠴᠦ ᠰᠢᠢᠳᠪᠦᠷᠢᠯᠡᠭᠦᠯᠪᠡ᠃ | ᠶᠠᠩ ᠸᠧᠨ ᠾᠦᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠠᠶᠢᠭᠠᠳ ᠴᠡᠪᠡᠷ ᠴᠡᠮᠴᠡᠭᠡᠷ᠂ ᠠᠮᠤᠷ ᠠᠮᠤᠭᠤᠯᠠᠩ ᠡᠮᠬᠢ ᠳᠢᠭᠯᠢᠮ ᠲᠠᠢ ᠬᠤᠳᠠ ᠶᠢᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ᠃ ᠮᠠᠨ ᠤ ᠰᠢᠶᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠣᠯᠳᠠᠯᠭ᠎ᠠ ᠶᠢ ᠳᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ︽ᠭᠤᠣᠯᠳᠠᠯᠭ᠎ᠠ᠂ ᠬᠦᠴᠢᠷᠳᠡᠯ᠂ ᠪᠠᠯᠠᠢ ᠴᠡᠭ︾ | ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ | ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠳᠤᠷ᠎ᠠ ᠪᠠᠷ ᠢᠶᠠᠨ ᠪᠤᠰᠬᠠᠵᠤ ᠳᠤᠷ᠎ᠠ ᠪᠠᠷ ᠢᠶᠠᠨ ᠪᠠᠷᠢᠬᠤ᠂ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠦᠵᠡᠭᠳᠡᠯ ᠢ ᠡᠷᠡᠰ | ᠬᠤᠷᠢᠭᠯᠠᠵᠤ᠂ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠡᠭᠦᠳᠡᠨ ᠡᠮᠦᠨᠡᠬᠢ ᠲᠠᠪᠤ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ | ᠱᠠᠯᠠᠪᠳᠠᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠬᠢᠵᠦ᠂ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ ᠳᠤ ᠦᠨᠡᠨᠬᠦ ᠬᠤᠪᠢᠷᠠᠯᠲᠠ ᠶᠢ | ᠦᠵᠡᠭᠦᠯᠵᠦ᠂ ᠪᠣᠳᠠᠲᠤ ᠠᠰᠢᠭ ᠬᠦᠷᠲᠡᠭᠡᠵᠦ᠂ ᠴᠡᠪᠡᠷ ᠴᠡᠮᠴᠡᠭᠡᠷ᠂ ᠡᠷᠡᠭᠦᠯ ᠰᠠᠷᠠᠭᠤᠯ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃ ᠲᠡᠷᠭᠡᠨ | ᠵᠣᠭᠰᠣᠭᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠶᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠡᠬᠢ ᠪᠠᠶᠠᠯᠢᠭ ᠢ ᠭᠦᠢᠴᠡᠳ ᠨᠡᠶᠢᠳᠬᠡᠵᠦ᠂ ᠲᠡᠷᠭᠡᠨ ᠵᠣᠭᠰᠣᠭᠠᠯ ᠤᠨ ᠪᠠᠶᠢᠷᠢ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠤᠳᠤ ᠶᠢᠨ ᠪᠠᠶᠢᠭ᠎ᠠ ᠲᠡᠷᠭᠡᠨ ᠵᠣᠭᠰᠣᠭᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠷᠬᠢᠨ ᠲᠣᠭᠤᠷᠢᠨ ᠤ ᠵᠠᠮ ᠤᠨ ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠵᠤ᠂ ᠠᠷᠠᠳ | ᠤᠯᠠᠨ ᠤ ᠶᠠᠪᠤᠵᠤ ᠰᠠᠭᠤᠬᠤ ᠳᠤ ᠳᠥᠭᠦᠮ ᠳᠥᠲᠡ ᠪᠠᠲᠤᠯᠠᠭ᠎ᠠ ᠬᠠᠩᠭᠠᠬᠤ ᠬᠡᠷᠡᠭᠲᠡᠢ᠃ ᠣᠨᠴᠠᠭᠠᠶ ᠴᠠᠭ ᠠᠭᠤᠷ ᠤᠨ | ᠠᠶᠤᠯ ᠥᠬᠡᠶ ᠦᠢᠯᠡᠳᠪᠦᠷᠢᠯᠡᠯ ᠢ ᠰᠡᠷᠭᠡᠶᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠨᠴᠠᠭᠠᠶ | ᠴᠠᠭ ᠠᠭᠤᠷ ᠠᠴᠠ ᠪᠣᠯᠵᠣ ᠮᠡᠳᠡᠬᠦ ᠡᠯ᠎ᠡ ᠵᠦᠢᠯ ᠤᠨ ᠨᠥᠯᠥᠭᠡ ᠶᠢ ᠨᠠᠷᠢᠯᠢᠭ ᠣᠨᠣᠴᠠᠲᠠᠶ ᠪᠠᠷ ᠰᠤᠳᠤᠯᠤᠨ | ᠮᠠᠭᠠᠳᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠵᠤ᠂ ᠶᠡᠭᠡ ᠰᠠᠯᠬᠢᠨ ᠤ ᠬᠦᠢᠲᠡᠨ ᠤᠷᠤᠰᠬᠠᠯ ᠤᠨ ᠠᠪᠴᠢᠷᠠᠭᠰᠠᠨ ᠨᠥᠯᠥᠭᠡ ᠶᠢ ᠰᠢᠨᠵᠢᠯᠡᠬᠦ | ᠤᠬᠠᠭᠠᠨᠴᠢ ᠪᠠᠷ ᠪᠦᠲᠦᠮᠵᠢᠲᠡᠶ ᠠᠷᠭᠠᠴᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠣᠨᠴᠠᠭᠠᠶ ᠴᠠᠭ | ᠠᠭᠤᠷ ᠤᠨ ᠳᠣᠤᠷᠠᠬᠢ ᠠᠶᠤᠯ ᠥᠬᠡᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ︽ᠠᠮᠤᠷ | ᠲᠦᠪᠰᠢᠨ ᠤ ᠬᠡᠷᠡᠮ︾ ᠢ ᠬᠠᠮᠲᠤ ᠪᠠᠷ ᠪᠠᠬᠢᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠢᠶᠠᠷ | ᠱᠠᠩᠳᠤ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠡᠶ᠃ | ᠶᠠᠩ ᠶᠦᠩ ᠣᠷᠣᠯᠴᠠᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |