ᠶᠠᠩ ᠸᠧᠨ ᠾᠦᠢ ᠰᠢᠤᠢ ᠶᠠᠩ ᠪᠦᠯᠦᠭᠯᠡᠯ ᠤᠨ ᠪᠢᠨ ᠬᠠᠢ ᠡᠨᠧᠷᠭᠢ ᠶᠢᠨ ᠶᠡᠷᠦᠩᠬᠡᠢ ᠳᠠᠭᠠᠭᠠᠮᠠᠯ ᠶᠢᠨ ᠲᠢᠶᠠᠨ ᠴᠠᠩ ᠨᠡᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2025/3/28
  3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠤᠢ ᠶᠠᠩ ᠪᠦᠯᠦᠭᠯᠡᠯ ᠤᠨ ᠪᠢᠨ ᠬᠠᠢ ᠡᠨᠧᠷᠭᠢ ᠶᠢᠨ ᠶᠡᠷᠦᠩᠬᠡᠢ ᠳᠠᠭᠠᠭᠠᠮᠠᠯ ᠶᠢᠨ ᠲᠢᠶᠠᠨ ᠴᠠᠩ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃    ᠶᠠᠩ ᠸᠧᠨ ᠾᠦᠢ ᠠᠵᠤ ᠠᠬᠤᠶᠢᠯᠠᠯ ᠤᠨ ᠤᠷᠳᠤ ᠬᠤᠭᠤᠴᠠᠭᠠᠨ ᠤ ᠲᠤᠷᠰᠢ ᠱᠠᠩᠳᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠪᠣᠯᠤᠨ ᠬᠠᠩᠭᠠᠭᠰᠠᠨ ᠬᠤᠳᠠᠯᠳᠤᠭᠠᠴᠢᠨ ᠤᠷᠢᠬᠤ ᠰᠦᠪᠡᠭᠴᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠱᠠᠩᠳᠤ ᠰᠢᠶᠠᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠭᠡ᠂ ᠨᠠᠩ ᠰᠢᠯᠢᠳᠡᠭ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠢ ᠱᠠᠩ ᠳᠤ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠰᠠᠨᠠᠭ᠎ᠠ ᠠᠮᠤᠷ ᠬᠥᠭᠵᠢᠭᠦᠯᠬᠦ ᠪᠣᠯᠭᠠᠨ᠎ᠠ ᠭᠡᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠢᠳᠡᠪᠬᠢᠲᠡᠶ ᠪᠠᠷ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠪᠠᠷ ᠢᠶᠠᠨ ᠳᠠᠪᠠᠭᠤᠯᠢᠭ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠤᠯᠠᠨ ᠳᠡᠭᠡᠳᠦ ᠳᠤᠤᠷᠠᠳᠤ ᠤᠷᠤᠰᠬᠠᠯ ᠤᠨ ᠬᠤᠯᠪᠣᠯᠳᠤᠭᠰᠠᠨ ᠢᠵᠢ ᠪᠦᠷᠢᠳᠦᠭᠰᠡᠨ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠶᠢᠨ ᠲᠢᠶᠠᠨ ᠴᠠᠩ ᠱᠠᠩᠳᠤ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠷᠲᠤ ᠬᠤᠭᠤᠴᠠᠭᠠᠨ ᠤ ᠲᠤᠷᠰᠢ ᠰᠢᠤᠢ ᠶᠠᠩ ᠪᠦᠯᠦᠭᠯᠡᠯ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠵᠤ ᠠᠬᠤᠶᠢᠯᠠᠯ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠭᠦᠷᠭᠡᠯᠡᠯ ᠢᠶᠠᠨ ᠢᠯᠡᠷᠡᠭᠦᠯᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠡᠩ ᠤᠯᠠᠨ ᠠᠵᠤ ᠠᠬᠤᠶᠢᠯᠠᠯ ᠢ ᠤᠷᠢᠵᠤ ᠱᠠᠩᠳᠤ ᠰᠢᠶᠠᠨ ᠳᠤ ᠢᠷᠡᠭᠦᠯᠦᠨ ᠪᠡᠯᠡ ᠣᠷᠣᠭᠤᠯᠤᠨ ᠦᠢᠯᠡᠰ ᠪᠤᠰᠬᠠᠵᠤ᠂ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃    ᠵᠠᠩ ᠭᠤᠸᠠᠩ᠂ ᠯᠸᠢ ᠭᠦᠸᠧ ᠫᠢᠩ᠂ ᠶᠤᠸᠠᠨ ᠬᠠᠢ ᠬᠤᠩ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2