ᠱᠠᠩᠳᠤ ᠰᠢᠶᠠᠨ ᠤ ᠱᠢ ᠪᠠ ᠴᠢᠩ ᠪᠠᠯᠭᠠᠰᠤᠨ ᠤ ᠴᠢᠤᠸᠠᠨ ᠨᠣᠣ ᠽᠢ ᠲᠣᠰᠬᠤᠨ ᠳᠤ ᠠᠩᠬᠠᠳᠤᠭᠠᠷ ᠬᠤᠭᠤᠴᠠᠭᠠᠨ ᠤ ᠬᠤᠷᠠᠭ᠎ᠠ ᠲᠡᠵᠢᠭᠡᠨ ᠦᠷᠡᠵᠢᠭᠦᠯᠬᠦ ᠰᠣᠯᠢᠯᠴᠠᠭᠠᠨ ᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/3/28
    3 ᠳ᠋ᠤᠭᠠᠷ ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠪᠣᠯᠤᠨ ᠪᠡᠭᠡᠵᠢᠩ ᠬᠤᠲᠠ ᠶᠢᠨ ᠫᠢᠩ ᠭᠦ᠋ ᠲᠣᠭᠤᠷᠢᠭ ᠤᠨ ᠬᠠᠮᠲᠤ ᠪᠠᠷ ᠪᠡᠯᠡ ᠭᠠᠷᠭᠠᠨ ᠪᠠᠶᠢᠭᠤᠯᠤᠭᠰᠠᠨ ᠬᠤᠷᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠠᠩᠬᠠᠳᠤᠭᠠᠷ ᠬᠤᠭᠤᠴᠠᠭᠠᠨ ᠤ ᠬᠤᠯᠪᠣᠭᠠᠲᠤ ᠲᠠᠷᠢᠶᠠᠯᠠᠩ ᠢᠶᠠᠷ ᠲᠠᠷᠢᠶᠠᠯᠠᠩ ᠢ ᠲᠡᠳᠬᠦᠵᠦ ᠲᠠᠷᠢᠶᠠᠴᠢᠳ ᠢ ᠪᠠᠶᠠᠵᠢᠭᠤᠯᠬᠤ ᠰᠣᠯᠢᠯᠴᠠᠭᠠᠨ ᠤ ᠬᠤᠷᠠᠯ ᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠡᠷᠬᠢᠨ ᠲᠣᠭᠤᠷᠢᠨ ᠤ ᠮᠠᠰᠢ ᠣᠯᠠᠨ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠶ ᠣᠷᠣᠯᠴᠠᠭᠤᠯᠵᠤ᠂ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠰᠣᠯᠢᠯᠴᠠᠭᠠᠨ ᠤ ᠬᠤᠷᠠᠯ ᠤᠨ ᠠᠬᠤᠶ ᠲᠠᠯᠠᠪᠠᠶ ᠳᠤ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠠᠴᠠ ᠢᠷᠡᠭᠰᠡᠨ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠭᠰᠠᠨ ᠲᠡᠵᠢᠭᠡᠨ ᠦᠷᠡᠵᠢᠭᠦᠯᠬᠦ ᠡᠷᠦᠬᠡ ᠳᠤ ᠡᠭᠦᠯᠳᠡᠷ ᠤᠨ ᠰᠣᠩᠭᠤᠯᠲᠠ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠶᠢ ᠪᠠᠭᠲᠠᠭᠠᠵᠤ᠂ ᠬᠤᠷᠠᠯ ᠳᠤ ᠣᠷᠣᠯᠴᠠᠭᠰᠠᠨ ᠲᠡᠵᠢᠭᠡᠨ ᠦᠷᠡᠵᠢᠭᠦᠯᠬᠦ ᠡᠷᠦᠬᠡ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠬᠠᠮᠰᠠᠷ ᠢ ᠦᠨᠡᠨ ᠬᠦ ᠴᠢᠩᠭᠠᠳᠬᠠᠵᠤ᠂ ᠬᠥᠮᠦᠰ ᠲᠤ ᠮᠠᠰᠢ ᠶᠡᠭᠡ ᠠᠰᠢᠭ ᠬᠦᠷᠲᠡᠭᠡᠨ᠎ᠡ ᠭᠡᠵᠡᠶ᠃ ᠲᠤᠬᠠᠶ ᠶᠢᠨ ᠲᠠᠯᠠᠪᠤᠷ ᠲᠤ᠂ ᠰᠠᠭᠤᠷᠢᠨ ᠭᠠᠵᠠᠷ ᠨᠢ ᠪᠠᠰᠠ ᠲᠡᠵᠢᠭᠡᠨ ᠦᠷᠡᠵᠢᠭᠦᠯᠬᠦ ᠡᠷᠦᠬᠡ ᠲᠠᠢ ᠬᠤᠷᠠᠭ᠎ᠠ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠬᠤᠷᠠᠭ᠎ᠠ ᠬᠤᠳᠠᠯᠳᠤᠨ ᠠᠪᠴᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠤᠶᠢᠰᠢᠳᠠ ᠶᠢᠨ ᠵᠣᠪᠠᠨᠢᠯ ᠢ ᠰᠢᠶ᠋ᠳᠪᠦᠷᠢᠯᠡᠬᠦ ᠪᠠᠷ ᠠᠮᠠᠯᠠᠪᠠ᠃ ᠡᠶᠢᠮᠦᠷᠬᠦ ︽ᠺᠣᠮᠫᠠᠨᠢ ᠶᠢᠨ ᠰᠠᠭᠤᠷᠢᠨ ᠭᠠᠵᠠᠷ ᠤᠨ ᠲᠠᠷᠢᠶᠠᠴᠢᠨ ᠡᠷᠦᠬᠡ︾ ᠶᠢᠨ ᠰᠢᠨ᠎ᠡ ᠶᠢ ᠡᠭᠦᠳᠬᠦ ᠵᠠᠭᠪᠤᠷ ᠨᠢ ᠲᠡᠵᠢᠭᠡᠨ ᠦᠷᠡᠵᠢᠭᠦᠯᠬᠦ ᠡᠷᠦᠬᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠲᠡᠳᠡᠨ ᠤ ᠲᠡᠵᠢᠭᠡᠨ ᠦᠷᠡᠵᠢᠭᠦᠯᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠤᠨ ᠠᠵᠢᠯᠲᠠᠳ ᠲᠡᠵᠢᠭᠡᠨ ᠦᠷᠡᠵᠢᠭᠦᠯᠬᠦ ᠡᠷᠦᠬᠡ ᠳᠤ ᠲᠡᠵᠢᠭᠡᠯ ᠪᠣᠷᠳᠣᠭᠠᠨ ᠤ ᠣᠩᠭᠤᠴᠠ ᠵᠡᠷᠭᠡ ᠲᠡᠵᠢᠭᠡᠨ ᠦᠷᠡᠵᠢᠭᠦᠯᠬᠦ ᠲᠥᠬᠦᠭᠡᠷᠦᠮᠵᠢ ᠬᠦᠷᠭᠡᠵᠦ᠂ ᠲᠡᠳᠡᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2