ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/28
  ᠠᠷᠠᠯᠵᠢᠶ᠎ᠠ ᠵᠠᠰᠠᠭ ᠲᠠᠷᠬᠠᠭᠠᠭᠰᠠᠨ ︹2020︺ 7 ᠳ᠋ᠤᠭᠠᠷ ᠲᠣᠭᠠᠲᠤ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ    ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠮᠡᠳᠡᠭᠳᠡᠯ    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠰᠢᠶᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠶᠠᠨ ᠤ ᠳᠡᠳ᠋ ᠳᠠᠷᠤᠭ᠎ᠠ ᠰᠢᠶᠠᠨ ᠤ ᠳᠠᠷᠤᠭ᠎ᠠ ᠶᠢ ᠬᠠᠪᠰᠤᠷᠤᠨ ᠠᠵᠢᠯᠯᠠᠨ᠎ᠠ᠃ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠠᠮᠵᠢᠭᠠᠳ᠂ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄    ᠴᠢᠦ ᠵᠢᠶᠦ᠋ᠨ ᠵᠢᠶᠧ ᠰᠢᠶᠠᠨ ᠤ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃    ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠵᠠᠩ ᠭᠤᠸᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠡᠮᠴᠢᠯᠡᠭᠡᠨ ᠤ ᠪᠠᠲᠤᠯᠠᠭ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ᠵᠠᠰᠠᠭ ᠤᠨ ᠣᠷᠳᠣᠨ ᠤ ᠠᠯᠪᠠᠨ ᠬᠡᠷ ︵ᠭᠠᠳᠠᠭᠠᠳᠤ ᠶᠠᠪᠤᠳᠠᠯ ᠤᠨ ᠠᠯᠪᠠᠨ ᠬᠡᠷ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠬᠠᠮᠲᠤᠷᠠᠨ ᠠᠵᠢᠯᠯᠠᠵᠤ ᠰᠣᠯᠢᠯᠴᠠᠬᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠷᠦᠩ ᠳ᠋ᠡ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠩ ᠰᠢᠨ ᠬᠥᠳᠡᠭᠡ ᠠᠵᠤ ᠠᠬᠤᠶ ᠵᠢᠭᠤᠯᠴᠢᠯᠠᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠬᠤᠩ ᠰᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠤᠯᠠᠭ᠎ᠠ ᠥᠷᠲᠡᠭᠡ ᠬᠥᠳᠡᠭᠡ ᠠᠵᠤ ᠠᠬᠤᠶ ᠵᠢᠭᠤᠯᠴᠢᠯᠠᠯ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠢ ᠲᠦᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠰᠢᠶᠠᠨ ᠤ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠨᠠᠮ ᠤᠨ ᠰᠤᠷᠭᠠᠭᠤᠯᠢ᠂ ᠣᠷᠣᠨ ᠲᠤᠭ᠎ᠠ ᠶᠢᠨ ᠠᠯᠪᠠᠨ ᠬᠡᠷ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠤᠯᠪᠣᠭ᠎ᠠ᠂ ᠲᠠᠩᠰᠠ ᠡᠪᠬᠡᠮᠡᠯ ᠤᠨ ᠣᠷᠳᠣᠨ᠂ ᠰᠢᠨᠬᠤᠸᠠ ᠨᠣᠮ ᠤᠨ ᠳᠡᠯᠭᠡᠭᠦᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠱᠠᠩᠳᠤ ᠶᠢᠨ ᠪᠠᠶᠢᠴᠠᠭᠠᠬᠤ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠥᠷ ᠮᠣᠩᠭᠤᠯ ᠤᠨ ᠪᠠᠩᠬᠢ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠬᠥᠮᠦᠨ ᠤ ᠬᠦᠴᠦᠨ ᠤ ᠳᠠᠭᠠᠳᠬᠠᠯ᠂ ᠡᠳ᠋ ᠤᠨ ᠶᠠᠪᠤᠳᠠᠯ ᠤᠨ ᠳᠠᠭᠠᠳᠬᠠᠯ ᠲᠠᠢ ᠬᠠᠷᠢᠯᠴᠠᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠵᠠᠩ ᠰᠢᠨ ᠭᠦᠸᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠵᠦ ᠪᠠᠶᠢᠭ᠎ᠠ︶ ᠰᠢᠶᠠᠨ ᠤ ᠳᠠᠷᠤᠭ᠎ᠠ ᠶᠢ ᠬᠠᠪᠰᠤᠷᠤᠨ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ᠪᠡᠯᠡ ᠣᠷᠣᠭᠤᠯᠤᠯᠲᠠ ᠶᠢ ᠠᠬᠢᠭᠤᠯᠬᠤ ᠲᠥᠪ ᠢ ᠬᠤᠪᠢᠳᠠᠨ ᠬᠠᠮᠢᠶᠠᠷᠤᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠸᠠᠩ ᠲᠢᠶᠠᠨ ᠢᠦᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠵᠦ ᠪᠠᠶᠢᠭ᠎ᠠ︶ ᠰᠢᠶᠠᠨ ᠤ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ︶ ᠢ ᠬᠤᠪᠢᠳᠠᠨ ᠬᠠᠮᠢᠶᠠᠷᠤᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠶᠠᠩ ᠶᠦᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠪᠠ ᠨᠤᠲᠤᠭ ᠪᠡᠯᠴᠢᠭᠡᠷ᠂ ᠨᠤᠭᠤ ᠭᠠᠵᠠᠷ ᠤᠨ ᠬᠠᠮᠠᠭᠠᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠶ ᠦᠢᠯᠡᠳᠪᠦᠷᠢᠯᠡᠯ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃    ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂    ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠷᠢᠯᠴᠠᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠵᠣᠣ ᠭᠦᠸᠧ ᠸᠧᠨ ᠰᠢᠶᠠᠨ ᠤ ᠳᠡᠳ᠋ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠤᠲᠠ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠼᠦᠢ ᡁᠢ ᠸᠧᠶ ᠰᠢᠶᠠᠨ ᠤ ᠳᠡᠳ᠋ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃    ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠵᠠᠩ ᠶᠧ ᠢᠦᠢ ᠰᠢᠶᠠᠨ ᠤ ᠳᠡᠳ᠋ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃    ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠯᠸᠢ ᠭᠦᠸᠧ ᠫᠢᠩ ᠰᠢᠶᠠᠨ ᠤ ᠳᠡᠳ᠋ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠶ ᠦᠢᠯᠡᠳᠪᠦᠷᠢᠯᠡᠯ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠺᠣᠮᠫᠠᠨᠢ᠂ ᠰᠢᠦᠳᠠᠨ ᠤ ᠬᠤᠪᠢᠶᠠᠷᠢ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠭᠠᠯᠲᠤ ᠲᠡᠷᠭᠡᠨ ᠤ ᠥᠷᠲᠡᠭᠡ ᠲᠠᠢ ᠬᠠᠷᠢᠯᠴᠠᠨ᠎ᠠ᠃    ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    2025 ᠣᠨ ᠤ 3 ᠰᠠᠷ᠎ᠠ ᠶᠢᠨ 5 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2