| 【 ᠰᠤᠷᠪᠤᠯᠵᠢᠯᠠᠭᠴᠢ 】 ᠯᠢ ᠲᠣᠪᠴᠢᠶᠠᠨ ᠳᠠᠷᠤᠭ᠎ᠠ ᠡ᠂ ᠲᠠ ᠰᠠᠶᠢᠨ᠃ ᠲᠠ ᠡᠨᠡ ᠤᠳᠠᠭᠠᠨ ᠤ | ᠰᠤᠷᠪᠤᠯᠵᠢᠯᠠᠭ᠎ᠠ ᠳᠤ ᠣᠷᠣᠯᠴᠠᠭᠰᠠᠨ ᠳᠤ ᠲᠦᠯ ᠢᠶᠠᠷ ᠲᠠᠯᠠᠷᠬᠠᠵᠤ ᠪᠠᠢᠨ᠎ᠠ᠃ ᠶᠠᠭᠤᠨ ᠤ ᠡᠮᠦᠨ᠎ᠡ ᠲᠠ | ᠲᠠᠨᠢᠯᠴᠠᠭᠤᠯᠤᠶ᠎ᠠ᠂ ᠮᠠᠨ ᠤ ᠰᠢᠶᠠᠨ ᠡᠨᠡ ᠵᠢᠯ ᠲᠠᠷᠢᠮᠠᠯ ᠲᠠᠷᠢᠬᠤ ᠳᠤ ᠶᠠᠮᠠᠷ ᠲᠥᠯᠥᠪᠯᠡᠭᠡ ᠲᠠᠢ ᠪᠤᠢ︖ | 【 ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ 】 ᠡᠨᠡ ᠵᠢᠯ᠂ ᠮᠠᠨ ᠤ ᠰᠢᠶᠠᠨ ᠤ | ᠲᠠᠷᠢᠮᠠᠯ ᠤᠨ ᠲᠠᠯᠠᠪᠠᠢ 171.1 ᠲᠦᠮᠡᠨ ᠮᠦ ᠳᠤ ᠬᠦᠷᠪᠡ᠃ ᠠᠮᠤ ᠪᠤᠳᠠᠭᠠᠨ ᠤ ᠲᠠᠷᠢᠮᠠᠯ 111.8 ᠲᠦᠮᠡᠨ ᠮᠦ᠂ | ᠡᠭᠦᠨ ᠳᠤ ᠠᠮᠤ ᠪᠤᠳᠠᠭᠠᠨ ᠤ ᠲᠥᠷᠥᠯ 73.8 ᠲᠦᠮᠡᠨ ᠮᠦ᠂ ᠪᠤᠷᠴᠠᠭ ᠤᠨ ᠲᠥᠷᠥᠯ 18 ᠲᠦᠮᠡᠨ ᠮᠦ᠂ | ᠲᠥᠮᠥᠰᠥ 20 ᠲᠦᠮᠡᠨ ᠮᠦ︔ ᠠᠵᠤ ᠠᠬᠤᠢ ᠶᠢᠨ ᠲᠠᠷᠢᠮᠠᠯ 59.3 ᠲᠦᠮᠡᠨ ᠮᠦ᠂ ᠡᠭᠦᠨ ᠳᠤ ᠲᠣᠰᠣᠯᠢᠭ ᠲᠠᠷᠢᠮᠠᠯ | 28.4 ᠲᠦᠮᠡᠨ ᠮᠦ᠂ ᠰᠢᠬᠢᠷ ᠯᠤᠤᠪᠠᠩ 4.8 ᠲᠦᠮᠡᠨ ᠮᠦ᠂ ᠵᠢᠮᠢᠰ ᠢᠳᠡᠰᠢᠨ ᠨᠣᠭᠤᠭ᠎ᠠ 5.1 ᠲᠦᠮᠡᠨ ᠮᠦ᠂ | ᠡᠮ ᠤᠨ ᠮᠠᠲ᠋ᠧᠷᠢᠶᠠᠯ ᠤᠨ ᠲᠥᠷᠥᠯ 0.8 ᠲᠦᠮᠡᠨ ᠮᠦ︔ ᠪᠤᠰᠤᠳ ᠲᠠᠷᠢᠮᠠᠯ 20.2 ᠲᠦᠮᠡᠨ ᠮᠦ︔ ᠪᠢᠳᠡ | ᠰᠢᠯᠢᠳᠡᠭ ᠡᠭᠦᠯᠳᠡᠷ ᠪᠠ ᠲᠡᠷᠢᠭᠦᠨ ᠤ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠭᠤᠯᠤᠨ᠂ ᠲᠠᠷᠢᠮᠠᠯ ᠤᠨ | ᠤᠨᠠᠯᠲᠠ ᠪᠠ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠪᠡ᠃ ᠡᠭᠦᠨ ᠤ ᠬᠠᠮᠲᠤ᠂ ᠡᠪᠡᠳᠴᠢᠨ ᠬᠤᠷᠣᠬᠠᠶ ᠶᠢᠨ | ᠬᠥᠨᠥᠭᠡᠯ ᠢ ᠪᠣᠬᠢᠷᠲᠤᠯ ᠦᠭᠡᠶ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠨᠡᠷᠡᠨ | ᠡᠨᠧᠷᠭᠢ ᠶᠢᠨ ᠬᠤᠷᠣᠬᠠᠶ ᠠᠯᠠᠬᠤ ᠳ᠋ᠧᠩ᠂ ᠪᠡᠯᠭᠡ ᠶᠢᠨ ᠥᠳᠥᠭᠡᠬᠦ ᠡᠮ ᠵᠡᠷᠭᠡ ᠹᠢᠽᠢᠺ ᠪᠣᠯᠤᠨ ᠠᠮᠢᠳᠤ ᠪᠣᠳᠠᠰ ᠤᠨ | ᠠᠷᠭ᠎ᠠ ᠪᠠᠷᠢᠯ ᠢ ᠠᠰᠢᠭᠯᠠᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ ᠬᠢᠮᠢ ᠶᠢᠨ ᠲᠠᠷᠢᠶᠠᠨ ᠡᠮ | ᠬᠡᠷᠡᠭᠯᠡᠬᠦ ᠬᠡᠮᠵᠢᠶ᠎ᠡ ᠶᠢ ᠪᠠᠭᠠᠰᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢ | ᠪᠠᠲᠤᠯᠠᠬᠤ ᠬᠡᠷᠡᠭᠲᠡᠶ᠃ | 【 ᠰᠤᠷᠪᠤᠯᠵᠢᠯᠠᠭᠴᠢ 】 ᠵᠠ᠃ ᠲᠠᠷᠢᠶᠠᠯᠠᠩ ᠤᠨ ᠲᠠᠷᠢᠮᠠᠯ ᠤᠨ ᠪᠠᠢᠳᠠᠯ ᠢ ᠣᠢᠯᠠᠭᠠᠪᠠᠯ ᠮᠠᠯ ᠠᠵᠤ | ᠠᠬᠤᠢ ᠶᠢᠨ ᠲᠤᠬᠠᠢ ᠶᠠᠷᠢᠯᠴᠠᠶ᠎ᠠ᠃ ᠣᠳᠣᠬᠠᠨ ᠳᠤ ᠮᠠᠨ ᠤ ᠰᠢᠶᠠᠨ ᠤ ᠮᠠᠯ ᠠᠵᠤ ᠠᠬᠤᠢ ᠶᠢᠨ ᠬᠥᠭᠵᠢᠯᠲᠡ ᠶᠢᠨ | ᠬᠡᠪᠴᠢᠶ᠎ᠡ ᠪᠠ ᠲᠡᠵᠢᠭᠡᠨ ᠦᠷᠡᠵᠢᠭᠦᠯᠬᠦ ᠪᠦᠲᠦᠴᠡ ᠶᠠᠮᠠᠷ ᠵᠡᠷᠭᠡ ᠪᠠᠶᠢᠬᠤ ᠪᠤᠢ︖ | 【 ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ 】 ᠣᠳᠣᠬᠠᠨ ᠳᠤ᠂ ᠮᠠᠨ ᠤ ᠰᠢᠶᠠᠨ ᠤ | ᠦᠬᠡᠷ ᠤᠨ ᠲᠤᠭ᠎ᠠ 7.4 ᠲᠦᠮᠡ᠂ ᠬᠤᠨᠢᠨ ᠤ ᠲᠤᠭ᠎ᠠ 76 ᠲᠦᠮᠡ ᠪᠠᠶᠢᠨ᠎ᠠ᠃ ᠲᠡᠵᠢᠭᠡᠨ ᠦᠷᠡᠵᠢᠭᠦᠯᠬᠦ | ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠤᠯᠠᠮᠵᠢᠯᠠᠯᠲᠤ ᠭᠠᠭ᠋ᠠᠶ ᠦᠬᠡᠷ ᠬᠤᠨᠢ ᠲᠡᠵᠢᠭᠡᠨ | ᠦᠷᠡᠵᠢᠭᠦᠯᠬᠦ ᠠᠴᠠ ᠭᠠᠳᠠᠨ᠎ᠠ᠂ ᠤᠨᠴᠠᠯᠢᠬᠳᠤ ᠲᠡᠵᠢᠭᠡᠨ ᠦᠷᠡᠵᠢᠭᠦᠯᠬᠦ ᠠᠵᠢᠯ ᠴᠤ ᠠᠯᠬᠤᠮ ᠠᠯᠬᠤᠮ ᠢᠶᠠᠷ | ᠬᠥᠭᠵᠢᠵᠦ ᠪᠠᠶᠢᠨ᠎ᠠ᠂ ᠬᠡᠷᠪᠡ 2024 ᠣᠨ ᠤ 10 ᠰᠠᠷ᠎ᠠ ᠳᠤ ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ | ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠠᠴᠠ ᠪᠡᠭᠡᠵᠢᠩ ᠬᠤᠲᠠ ᠶᠢᠨ ᠠᠵᠤ ᠠᠬᠤᠶᠢᠯᠠᠯ ᠲᠠᠢ ᠭᠠᠷ ᠬᠤᠯᠪᠣᠨ | ᠦᠨ᠎ᠡ ᠲᠥᠯᠥᠪᠦᠷᠢ ᠥᠬᠡᠶ ᠪᠠᠷ ᠮᠠᠨ ᠤ ᠰᠢᠶᠠᠨ ᠳᠤ ᠲᠠᠬᠢᠶᠠᠨ ᠴᠢᠬᠢ ᠬᠠᠨᠳᠢᠪᠯᠠᠵᠤ᠂ ᠲᠣᠰ ᠤᠳᠠᠭ᠎ᠠ ᠨᠡᠶᠢᠲᠡ 4 | ᠲᠦᠮᠡᠨ ᠲᠠᠬᠢᠶ᠎ᠠ ᠲᠠᠷᠬᠠᠭᠠᠵᠤ᠂ 3823 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ ᠡᠷᠦᠬᠡ ᠪᠦᠷᠢ ᠶᠢᠨ | ᠣᠯᠠᠨ ᠲᠦᠮᠡᠨ ᠳᠤ ᠵᠢᠯ ᠤᠨ ᠣᠷᠣᠯᠭ᠎ᠠ ᠶᠢ 1600 ᠲᠥᠭᠦᠷᠢᠭ ᠨᠡᠮᠡᠭᠳᠡᠭᠦᠯᠵᠦ ᠪᠣᠯᠤᠨ᠎ᠠ᠃ ᠲᠠᠬᠢᠶᠠᠨ ᠤ ᠴᠢᠬᠢ ᠶᠢ | ᠲᠠᠷᠬᠠᠭᠠᠬᠤ ᠪᠠᠷ ᠳᠠᠮᠵᠢᠭᠤᠯᠤᠨ᠂ ᠬᠦᠷᠢᠶᠡᠨ ᠤ ᠠᠵᠤ ᠠᠬᠤᠶ ᠶᠢᠨ ᠰᠠᠭᠤᠷᠢ ᠶᠢ ᠪᠠᠬᠢᠵᠢᠭᠦᠯᠵᠦ᠂ ᠲᠣᠰᠬᠤᠨ ᠤ | ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠣᠯᠠᠨ ᠲᠦᠮᠡᠨ ᠢ ᠨᠢᠭᠡ ᠬᠤᠪᠢ ᠣᠷᠣᠯᠭ᠎ᠠ ᠶᠢᠨ | ᠢᠷᠡᠯᠲᠡ ᠪᠠ ᠪᠠᠲᠤᠯᠠᠭ᠎ᠠ ᠨᠡᠮᠡᠭᠳᠡᠭᠦᠯᠪᠡ᠃ | 【 ᠰᠤᠷᠪᠤᠯᠵᠢᠯᠠᠭᠴᠢ 】 ᠯᠢ ᠲᠣᠪᠴᠢᠶᠠᠨ ᠳᠠᠷᠤᠭ᠎ᠠ᠂ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠶᠠᠪᠤᠴᠠ ᠳᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠦᠲᠦᠮᠵᠢᠲᠡᠶ ᠥᠷᠨᠢᠬᠦ ᠶᠢ | ᠬᠡᠷᠬᠢᠨ ᠪᠠᠲᠤᠯᠠᠬᠤ ᠪᠣᠶ︖ | 【 ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ 】 ᠪᠢᠳᠡ ᠠᠮᠢᠲᠠᠨ ᠤ ᠬᠢᠵᠢᠭ | ᠡᠪᠡᠳᠴᠢᠨ ᠢ ᠰᠡᠷᠭᠡᠢᠯᠡᠨ ᠬᠢᠵᠠᠭᠠᠷᠯᠠᠬᠤ ᠪᠥᠷᠢᠨ ᠲᠡᠭᠦᠯᠳᠡᠷ ᠰᠢᠰᠲ᠋ᠧᠮ ᠢ ᠪᠠᠢᠭᠤᠯᠪᠠ᠃ ᠡᠩ ᠲᠡᠷᠢᠭᠦᠨ ᠳᠤ ᠦᠯᠦ | ᠬᠠᠯᠳᠠᠭᠠᠯᠲᠠ ᠶᠢᠨ ᠠᠵᠢᠯ ᠢ ᠴᠢᠩᠭᠠᠳᠬᠠᠵᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ | ᠦᠯᠦ ᠬᠠᠯᠳᠠᠭᠠᠯᠲᠠ ᠬᠢᠬᠦ ᠶᠢ ᠬᠡᠷᠡᠭᠵᠢᠭᠦᠯᠵᠦ᠂ ᠦᠯᠦ ᠬᠠᠯᠳᠠᠭᠠᠯᠲᠠ ᠶᠢᠨ ᠨᠣᠷᠮ᠎ᠠ᠂ ᠦᠯᠦ ᠬᠠᠯᠳᠠᠭᠠᠯᠲᠠ ᠶᠢᠨ | ᠳᠠᠩᠰᠠ ᠡᠪᠬᠡᠮᠡᠯ ᠪᠠᠶᠢᠭᠤᠯᠬᠤ ᠨᠣᠷᠮ᠎ᠠ᠂ ᠡᠰᠡᠷᠭᠦᠴᠡᠭᠴᠢ ᠶᠢᠨ ᠬᠢᠷᠢ ᠲᠡᠩᠴᠡᠬᠦ ᠨᠣᠷᠮ᠎ᠠ ᠶᠢ ᠴᠥᠮ ᠤᠯᠤᠰ ᠤᠨ | ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠷᠦ᠋ᠼᠧᠯ | ᠡᠪᠡᠳᠴᠢᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠡᠵᠢᠭᠡᠨ ᠦᠷᠡᠵᠢᠭᠦᠯᠬᠦ | ᠲᠠᠯᠠᠪᠠᠢ ᠶᠢᠨ ᠬᠢᠵᠢᠭ ᠡᠪᠡᠳᠴᠢᠨ ᠢ ᠬᠢᠨᠠᠨ ᠬᠡᠮᠵᠢᠵᠦ ᠦᠯᠢᠭᠡᠷ ᠠᠪᠴᠤ᠂ ᠬᠢᠵᠢᠭ ᠤᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠬᠦ ᠬᠡᠷᠡᠭᠲᠡᠶ᠃ ᠡᠭᠦᠨ ᠠᠴᠠ ᠭᠠᠳᠠᠨ᠎ᠠ᠂ ᠪᠠᠰᠠ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠡᠳᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠡᠶ᠃ | 【 ᠰᠤᠷᠪᠤᠯᠵᠢᠯᠠᠭᠴᠢ 】 ᠯᠢ ᠲᠣᠪᠴᠢᠶᠠᠨ ᠳᠠᠷᠤᠭ᠎ᠠ ᠬᠥᠳᠡᠭᠡ ᠠᠵᠤ ᠠᠬᠤᠢ ᠬᠥᠭᠵᠢᠬᠦ ᠶᠢᠨ ᠬᠠᠮᠲᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠴᠤ ᠲᠦᠢᠯ ᠤᠨ ᠴᠢᠬᠤᠯᠠ ᠶᠤᠮ᠃ ᠮᠠᠨ ᠤ ᠰᠢᠶᠠᠨ ᠲᠠᠷᠢᠶᠠᠯᠠᠩ ᠤᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | 【 ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ 】 ︽ᠲᠠᠷᠢᠮᠠᠯ ᠤᠨ ᠦᠢᠯᠡᠰ ᠤᠨ | ᠪᠦᠲᠦᠴᠡ ᠶᠢ ᠲᠣᠬᠢᠷᠠᠭᠤᠯᠵᠤ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠢ | ᠬᠥᠭᠵᠢᠭᠦᠯᠬᠦ ᠲᠤᠬᠠᠢ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤᠨ ᠳᠤ ᠲᠣᠬᠢᠷᠠᠬᠤ ᠲᠠᠷᠢᠮᠠᠯ᠂ | ᠤᠰᠤᠨ ᠤ ᠬᠡᠮᠵᠢᠶ᠎ᠡ ᠪᠠᠷ ᠲᠠᠷᠢᠬᠤ ᠵᠠᠷᠴᠢᠮ ᠶᠣᠰᠣᠭᠠᠷ᠂ ᠲᠠᠷᠢᠮᠠᠯ ᠤᠨ ᠦᠢᠯᠡᠰ ᠤᠨ ᠪᠦᠲᠦᠴᠡ ᠶᠢ ᠲᠣᠬᠢᠷᠠᠭᠤᠯᠵᠤ᠂ | ᠰᠢᠬᠢᠷ ᠯᠤᠤᠪᠠᠩ᠂ ᠢᠳᠡᠰᠢᠨ ᠨᠣᠭᠤᠭ᠎ᠠ᠂ ᠲᠥᠮᠥᠰᠥ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠤᠨ | ᠲᠠᠯᠠᠪᠠᠢ ᠶᠢ ᠪᠠᠭᠠᠰᠬᠠᠵᠤ᠂ ᠯᠠᠩᠭᠤᠸᠠ᠂ ᠠᠮᠲᠠᠲᠤ ᠬᠡᠮᠬᠡ᠂ ᠬᠥᠬᠡ ᠡᠷᠳᠡᠨᠢ ᠰᠢᠰᠢ᠂ ᠤᠯᠠᠭᠠᠨ ᠱᠤᠰᠢ ᠪᠤᠷᠴᠠᠭ᠂ | ᠨᠡᠷᠡᠨ ᠬᠤᠸᠠᠷ᠂ ᠰᠢᠯᠦᠭᠡᠢ ᠵᠡᠷᠭᠡ ᠭᠠᠩ ᠬᠠᠭᠰᠠᠷᠠᠭᠠᠨ ᠳᠤ ᠲᠡᠰᠪᠦᠷᠢᠲᠡᠢ ᠲᠠᠷᠢᠮᠠᠯ ᠤᠨ ᠲᠠᠷᠢᠬᠤ ᠲᠠᠯᠠᠪᠠᠢ ᠶᠢ | ᠥᠷᠭᠡᠳᠬᠡᠨ ᠨᠡᠮᠡᠭᠳᠡᠭᠦᠯᠦᠨ᠎ᠡ᠃ 2025 ᠣᠨ ᠳᠤ ᠮᠠᠨ ᠤ ᠰᠢᠶᠠᠨ ᠤ ᠤᠰᠤᠯᠠᠯᠲᠠ ᠶᠢᠨ ᠲᠠᠷᠢᠶᠠᠨ ᠤ ᠲᠠᠯᠠᠪᠠᠢ | ᠨᠡᠶᠢᠲᠡ 71.4 ᠲᠦᠮᠡᠨ ᠮᠦ ᠪᠠᠶᠢᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠢ ᠬᠢᠵᠠᠭᠠᠷᠯᠠᠬᠤ | ᠭᠦᠢᠴᠡᠳᠬᠡᠯ ᠲᠤᠭ᠎ᠠ 3712 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠪᠦᠬᠦ ᠰᠢᠶᠠᠨ ᠤ ᠤᠰᠤ ᠶᠡᠭᠡ | ᠬᠤᠷᠣᠭᠳᠠᠭᠤᠯᠬᠤ ᠲᠠᠷᠢᠮᠠᠯ ᠤᠨ ᠲᠠᠯᠠᠪᠠᠢ ᠶᠢ 17 ᠲᠦᠮᠡᠨ ᠮᠦ ᠳᠣᠲᠣᠷ᠎ᠠ ᠬᠢᠵᠠᠭᠠᠷᠯᠠᠪᠠ᠃ ︽ᠱᠠᠩᠳᠤ ᠰᠢᠶᠠᠨ ᠤ | ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠤᠷᠢᠶᠠᠨ ᠠᠪᠬᠤ ᠨᠣᠷᠮ᠎ᠠ ᠶᠢᠨ ᠬᠠᠷᠠᠯᠲᠠ ᠶᠢ | 80% ᠠᠴᠠ ᠳᠡᠭᠡᠭᠰᠢ ᠳᠤ ᠬᠦᠷᠦᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠬᠤᠷᠢᠶᠠᠨ ᠠᠪᠴᠤ | ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ᠎ᠠ᠃ ︽ᠪᠣᠰᠤᠭ᠎ᠠ ᠴᠣᠭᠴᠠᠲᠤ ᠮᠠᠶ᠋ᠢᠭ︾ ᠤᠨ ᠤᠬᠠᠭᠤᠯᠤᠨ ᠳᠡᠯᠭᠡᠷᠡᠭᠦᠯᠬᠦ | ᠰᠢᠰᠲ᠋ᠧᠮᠵᠢ ᠶᠢ ᠵᠡᠷᠭᠡᠪᠡᠷ ᠪᠠᠶᠢᠭᠤᠯᠵᠤ᠂ ᠲᠣᠰᠬᠤᠨ ᠤ ᠱᠠᠲᠤᠨ ᠤ ᠷᠠᠳᠢᠣ᠋ ᠨᠡᠪᠲᠡᠷᠡᠭᠦᠯᠭᠡ᠂ ᠸᠢᠴᠠᠲ ᠤᠨ ᠪᠦᠯᠦᠭ᠂ | ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠲᠤ ᠲᠦᠰᠢᠭᠯᠡᠨ᠂ 0.0.1 ᠮᠢᠯᠢᠮᠧᠳ᠋ᠷ ᠠᠴᠠ | ᠳᠡᠭᠡᠭᠰᠢᠬᠢ ᠤᠯᠤᠰ ᠤᠨ ᠪᠠᠷᠢᠮᠵᠢᠶᠠᠲᠤ ᠨᠢᠮᠭᠡᠨ ᠰᠦᠯᠢᠶᠥᠦ ᠪᠦᠷᠬᠦᠪᠴᠢ ᠶᠢᠨ ᠭᠠᠷᠤᠯᠲᠠ ᠪᠠᠨ ᠨᠡᠮᠡᠭᠳᠡᠭᠦᠯᠵᠦ | ᠣᠷᠣᠯᠭ᠎ᠠ ᠪᠠᠨ ᠨᠡᠮᠡᠭᠳᠡᠭᠦᠯᠬᠦ᠂ ᠴᠠᠭᠠᠨ ᠥᠩᠭᠡ ᠶᠢᠨ ᠪᠣᠬᠢᠷᠲᠤᠯ ᠢ ᠪᠠᠭᠠᠰᠬᠠᠬᠤ ᠵᠡᠷᠭᠡ ᠲᠠᠯ᠎ᠠ ᠶᠢᠨ ᠳᠠᠪᠠᠭᠤᠯᠢᠭ ᠢ | ᠭᠤᠤᠯᠳᠠᠯᠭ᠎ᠠ ᠲᠠᠢ ᠤᠬᠠᠭᠤᠯᠵᠤ᠂ ᠲᠠᠷᠢᠮᠠᠯ ᠤᠨ ᠲᠣᠮᠣ ᠡᠷᠦᠬᠡ᠂ ᠲᠤᠰᠬᠠᠶ ᠠᠵᠢᠯ ᠤᠨ ᠬᠤᠷᠰᠢᠶ᠎ᠠ ᠵᠡᠷᠭᠡ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠲᠦᠷᠦᠭᠦᠯᠡᠨ ᠬᠡᠷᠡᠭᠯᠡᠵᠦ | ᠂ ᠲᠣᠰ ᠵᠢᠯ ᠳᠤ ᠡᠷᠳᠡᠨᠢ ᠰᠢᠰᠢ᠂ ᠲᠥᠮᠥᠰᠥ ᠵᠡᠷᠭᠡ ᠭᠤᠤᠯ ᠳᠠᠷᠢᠬᠤ ᠲᠠᠷᠢᠮᠠᠯ ᠳᠡᠭᠡᠷ᠎ᠡ 26 ᠲᠦᠮᠡᠨ ᠮᠥ ᠵᠤᠵᠠᠭᠠᠨ | ᠰᠦᠯᠢᠶᠣᠣ ᠪᠦᠷᠬᠦᠪᠴᠢ ᠶᠢ ᠳᠡᠯᠭᠡᠷᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ |