3 ᠰᠠᠷ᠎ᠠ ᠶᠢᠨ 5 ᠤ ᠡᠳᠦᠷ᠂ ᠶᠠᠭ 62 ᠳ᠋ᠤᠭᠠᠷ ︽ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ | ᠪᠣᠯᠵᠣ ᠪᠠᠶᠢᠨ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠬᠤ ᠶᠢᠨ ᠲᠥᠯᠥᠭᠡ᠂ ᠪᠥᠬᠦ ᠪᠠᠯᠭᠠᠰᠤᠨ ᠳᠤ ᠠᠷᠠᠳ ᠲᠦᠮᠡᠨ ᠳᠤ ᠦᠶ᠋ᠯᠡᠴᠢᠯᠡᠬᠦ᠂ | ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭ᠎ᠠ ᠶᠢ ᠪᠣᠶ ᠪᠣᠯᠭᠠᠵᠤ᠂ ᠶᠣᠰᠣ ᠮᠣᠷᠠᠯ ᠢ | ᠡᠷᠬᠢᠮᠯᠡᠬᠦ᠂ ᠰᠠᠶᠢᠨ ᠠᠵᠢᠯᠯᠠᠭ᠎ᠠ ᠶᠢ ᠬᠥᠭᠡᠭᠡᠴᠡᠯᠳᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠭᠠᠵᠠᠷ ᠪᠥᠬᠦ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ ︽ᠯᠸᠢ | ᠹᠧᠩ ᠠᠴᠠ ᠰᠤᠷᠤᠯᠴᠠᠵᠤ᠂ ᠰᠢᠨ᠎ᠡ ᠬᠡᠪ ᠰᠤᠷᠲᠠᠯ ᠢ ᠪᠣᠶ ᠪᠣᠯᠭᠠᠬᠤ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ | ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ | ᠠᠵᠢᠯᠯᠠᠭ᠎ᠠ ᠶᠢᠨ ᠳᠤᠮᠳᠠ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠭᠠᠵᠠᠷ ᠬᠤᠶᠢᠨ᠎ᠠ | ᠬᠤᠶᠢᠨ᠎ᠠ ᠠᠴᠠ ᠪᠠᠨ ᠪᠣᠳᠠᠲᠠᠶ ᠠᠷᠭ᠎ᠠ ᠭᠠᠷᠭᠠᠵᠤ᠂ ᠪᠣᠳᠠᠲᠤ ᠶᠠᠪᠤᠳᠠᠯ ᠬᠢᠵᠦ᠂ ᠰᠠᠶᠢᠨ ᠳᠤᠷ᠎ᠠ ᠶᠢᠨ | ᠦᠶ᠋ᠯᠡᠴᠢᠯᠡᠭᠡᠨ ᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ ᠡᠯ᠎ᠡ | ᠦᠢᠯᠡᠳᠦᠯᠭᠡ ᠶᠢᠨ ᠭᠠᠵᠠᠷ ︵ᠥᠷᠲᠡᠭᠡ︶ ᠨᠢ ᠲᠣᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ | ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠤᠨ᠎ᠠ᠃ | ᠵᠠᠷᠢᠮ ᠨᠢ ᠨᠡᠶᠢᠭᠡᠮ ᠲᠣᠭᠤᠷᠢᠭ ᠲᠤ ᠣᠷᠣᠵᠤ᠂ ᠥᠨᠥᠴᠢᠨ ᠪᠡᠯᠪᠡᠰᠦᠨ ᠨᠠᠰᠤᠲᠠᠳ ᠲᠤ ᠠᠷᠢᠭᠤᠨ ᠴᠡᠪᠡᠷ ᠢ | ᠴᠡᠪᠡᠷᠯᠡᠵᠦ᠂ ᠵᠣᠭᠤᠭᠳᠠᠨ ᠤᠶᠢᠳᠬᠠᠷ ᠢᠶᠠᠨ ᠲᠠᠶᠢᠯᠵᠤ᠂ ᠨᠡᠶᠢᠭᠡᠮ ᠲᠣᠭᠤᠷᠢᠭ ᠲᠤ ᠠᠮᠤᠷ ᠲᠦᠪᠰᠢᠨ ᠤ ᠴᠡᠭᠴᠡᠯᠡᠨ | ᠵᠠᠰᠠᠯᠲᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠣᠶᠢᠷ᠎ᠠ ᠬᠠᠪᠢ ᠶᠢᠨ | ᠬᠤᠳᠠᠯᠳᠤᠭᠠᠨ ᠤ ᠡᠵᠡᠩᠨᠡᠭᠴᠢᠳ ᠲᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠢᠶᠠᠷ ᠭᠠᠯ | ᠬᠡᠷᠡᠭᠯᠡᠬᠦ ᠶᠢ ᠥᠪᠡᠰᠦᠪᠡᠨ ᠪᠠᠶᠢᠴᠠᠭᠠᠬᠤ ᠨᠠᠷᠢᠨ ᠲᠠᠩᠰᠠ ᠵᠡᠷᠭᠡ ᠰᠢᠷᠢᠰ ᠤᠬᠠᠭᠤᠯᠭ᠎ᠠ ᠶᠢᠨ ᠭᠠᠷ ᠳᠡᠪᠲᠡᠷ ᠢ | ᠲᠠᠷᠬᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠲᠤᠲᠤᠮ ᠤᠨ | ᠠᠮᠢᠳᠤᠷᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠡᠶ᠃ ᠵᠠᠷᠢᠮ ᠨᠢ ᠰᠤᠷᠭᠠᠭᠤᠯᠢ ᠳᠤ ᠭᠦᠨᠵᠡᠭᠡᠶᠢᠷᠡᠵᠦ᠂ | ᠬᠠᠮᠲᠤᠷᠠᠭᠰᠠᠨ ᠠᠵᠢᠯᠯᠠᠭ᠎ᠠ ᠥᠷᠨᠢᠭᠦᠯᠦᠨ᠂ ᠰᠤᠷᠤᠭᠴᠢᠳ ᠤᠨ ᠨᠡᠶᠢᠭᠡᠮ ᠢ ᠳᠣᠲᠣᠨᠣᠴᠢᠯᠠᠬᠤ ᠠᠵᠢᠯᠯᠠᠭ᠎ᠠ ᠶᠢ | ᠬᠥᠮᠥᠵᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ᠃ | ᠪᠠᠰᠠ ᠵᠠᠷᠢᠮ ᠨᠢ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠨᠠᠭᠠᠴᠢᠯᠠᠭ᠎ᠠ ᠶᠢᠨ | ᠪᠢᠴᠢᠭ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠤᠨ ᠲᠡᠮᠳᠡᠭ ᠨᠠᠭᠠᠬᠤ᠂ ᠨᠠᠰᠤᠲᠠᠶᠢᠴᠤᠳ ᠢ | ᠬᠠᠪᠰᠤᠷᠤᠨ ᠵᠢᠯ ᠤᠨ ᠪᠠᠶᠢᠴᠠᠭᠠᠯᠲᠠ ᠶᠢᠨ ᠭᠡᠷᠡᠴᠢᠯᠡᠯ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ | ᠠᠯᠪᠠᠨ ᠵᠢᠷᠤᠮ ᠤᠨ ᠦᠰᠦ ᠵᠠᠰᠠᠬᠤ᠂ ᠪᠦᠬᠦ ᠭᠡᠷ ᠤᠨ ᠪᠤᠶᠠᠨ ᠢ ᠰᠡᠭᠦᠳᠡᠷᠯᠡᠬᠦ᠂ ᠵᠢᠷᠦᠬᠡ ᠠᠭᠤᠰᠬᠢᠨ ᠤ | ᠰᠡᠷᠭᠦᠭᠡᠯᠲᠡ ᠶᠢᠨ ᠪᠣᠯᠪᠠᠰᠤᠷᠠᠯ᠂ ᠦᠨ᠎ᠡ ᠲᠥᠯᠥᠪᠦᠷᠢ ᠦᠭᠡᠢ ᠴᠢᠬᠤᠯᠠ ᠬᠡᠷᠡᠭᠰᠡᠬᠦ ᠡᠳ᠋ ᠪᠣᠳᠠᠰ᠂ ᠴᠡᠪᠡᠷᠯᠡᠭᠡ ᠬᠢᠬᠦ᠂ | ᠰᠢᠯ ᠵᠦᠯᠭᠦᠬᠦ᠂ ᠬᠤᠭ ᠨᠣᠪᠰᠢ ᠶᠢ ᠴᠡᠪᠡᠷᠯᠡᠬᠦ ᠵᠡᠷᠭᠡ ᠠᠵᠢᠯᠯᠠᠭ᠎ᠠ ᠥᠷᠨᠢᠭᠦᠯᠪᠡ᠃ ᠠᠯᠢ ᠣᠯᠠᠨ ᠠᠵᠢᠯᠯᠠᠭ᠎ᠠ ᠨᠢ | ᠣᠯᠠᠨ ᠲᠦᠮᠡᠨ ᠳᠤ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠯᠸᠢ ᠹᠧᠩ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠠᠶ᠃ | ᠳᠠᠷᠠᠭᠠᠴᠢ ᠶᠢᠨ ᠠᠯᠬᠤᠮ ᠳᠤ᠂ ᠴᠢ ᠲᠠᠢ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠢᠳᠡᠪᠬᠢᠲᠡᠢ ᠬᠥᠳᠡᠯᠦᠯᠴᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠪᠣᠯᠤᠨ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ | ᠠᠵᠢᠯᠯᠠᠭᠴᠢ ᠶᠢᠨ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠩ ᠳᠠᠳᠬᠠᠯ ᠢ | ᠥᠭᠡᠷᠡᠴᠢᠯᠡᠬᠦ ᠤᠬᠠᠭᠤᠯᠭ᠎ᠠ᠂ ᠠᠮᠤᠷ ᠲᠦᠪᠰᠢᠨ ᠤ ᠤᠬᠠᠭᠤᠯᠭ᠎ᠠ ᠵᠡᠷᠭᠡ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ | ᠂ ᠤᠯᠠᠨ ᠲᠦᠮᠡᠨ ᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠨᠡᠩ ᠰᠠᠶᠢᠲᠤᠷ | ᠬᠥᠭᠵᠢᠭᠡᠵᠦ᠂ ᠥᠭᠡᠳᠡᠯᠡᠨ ᠲᠠᠪᠰᠢᠬᠤ ᠴᠠᠭ ᠦᠶ᠎ᠡ ᠶᠢᠨ ᠰᠢᠨ᠎ᠡ ᠰᠤᠷᠲᠠᠯ ᠢ ᠪᠤᠢ ᠪᠣᠯᠭᠠᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |