3 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠱᠠᠭᠠᠷᠳᠠᠯᠭ᠎ᠠ ᠪᠠ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ | ᠰᠢ ᠶᠢᠨ ᠫᠢᠩ ᠤᠨ ︽ᠠᠵᠤ ᠠᠬᠤᠢ ᠶᠢᠨ ᠠᠵᠢᠯ ᠢ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ | ᠨᠢᠭᠡᠳᠦᠯᠲᠡᠢ ᠲᠥᠯᠥᠪᠵᠢᠭᠦᠯᠬᠦ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠡᠷᠭᠡ ᠶᠢ ᠰᠤᠷᠤᠯᠴᠠᠨ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠵᠡᠷᠭᠡ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠱᠠᠭᠠᠷᠳᠠᠯᠭ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠱᠠᠩᠳᠤ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠠᠮᠤᠷ ᠠᠮᠤᠭᠤᠯᠠᠩ ᠤᠨ ᠪᠠᠶᠢᠭᠤᠯᠤᠯᠲᠠ ᠪᠣᠯᠤᠨ ᠤᠯᠤᠰ | ᠲᠦᠷᠦ ᠬᠠᠤᠯᠢ ᠴᠠᠭᠠᠵᠠ ᠶᠢᠨ ᠠᠵᠢᠯ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ | ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ ᠢᠶᠠᠷ ᠬᠥᠭᠵᠢᠯᠲᠡ ᠪᠣᠯᠤᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢᠨ ᠬᠠᠮᠲᠤ᠂ ᠡᠯ᠎ᠡ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠪᠤᠵᠠᠭᠠᠶᠢᠷᠠᠭᠤᠯᠬᠤ ᠪᠠᠷ ᠳᠠᠮᠵᠢᠭᠤᠯᠵᠤ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠱᠠᠩᠳᠤ᠂ ᠬᠠᠤᠯᠢᠵᠢᠯ ᠤᠨ ᠬᠤᠳᠠᠯᠳᠤᠭᠠᠴᠢᠨ ᠢ ᠪᠦᠬᠦ ᠬᠦᠴᠦᠨ ᠢᠶᠠᠷ ᠢᠶᠠᠨ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠲᠡᠯᠡᠭᠰᠡᠨ ᠲᠦᠷᠦ ᠶᠢᠨ ᠪᠤᠳᠤᠯᠭ᠎ᠠ ᠶᠢ ᠦᠨᠡᠨᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠠᠯᠠᠯᠲᠠ ᠪᠠᠨ ᠪᠣᠳᠠᠲᠠᠢ ᠭᠦᠢᠴᠡᠳᠬᠡᠵᠦ᠂ ᠠᠵᠤ ᠠᠬᠤᠶᠢᠯᠠᠯ ᠢ ᠢᠳᠡᠪᠬᠢᠲᠡᠢ | ᠬᠠᠪᠰᠤᠷᠤᠨ ᠣᠷᠣᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠵᠦ᠂ ᠡᠯ᠎ᠡ ᠵᠦᠢᠯ ᠤᠨ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠬᠥᠳᠡᠯᠭᠡᠭᠦᠷ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠳᠤ ᠦᠶ᠎ᠡ ᠶᠢᠨ ᠠᠵᠤ ᠦᠢᠯᠡᠰ ᠢ ᠬᠥᠭᠵᠢᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠶᠡᠬᠡᠪᠡᠷ ᠪᠤᠶᠢᠵᠢᠭᠤᠯᠤᠨ ᠪᠤᠵᠠᠭᠠᠶᠢᠷᠠᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠱᠠᠩᠳᠤ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠪᠣᠯ ᠴᠢᠬᠤᠯᠠ ᠪᠦᠬᠦᠢ ︽ᠤᠯᠤᠰ | ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠪᠠ ᠡᠷᠬᠢᠮ ᠨᠠᠨᠳᠢᠨ ︽ᠳᠡᠭᠡᠭᠰᠢᠯᠡᠭᠦᠯᠬᠦ ᠲᠣᠬᠢᠶᠠᠯ︾ ᠮᠥᠨ᠂ ᠦᠵᠡᠯ | ᠰᠠᠨᠠᠭᠠᠨ ᠤ ᠡᠷᠡᠭᠡᠯᠵᠡᠯ ᠪᠠ ᠲᠠᠨᠢᠯᠲᠠ ᠶᠢᠨ ᠵᠥᠷᠢᠶ᠎ᠡ ᠶᠢ ᠡᠷᠡᠰ ᠠᠷᠢᠯᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠦᠨᠡᠨᠬᠦ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠵᠤ᠂ ᠲᠦᠷᠢᠮ ᠲᠣᠭᠲᠠᠭᠠᠯ | ᠲᠣᠭᠲᠠᠭᠠᠬᠤ᠂ ᠲᠣᠭᠤᠷᠢᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠵᠤ᠂ ᠲᠣᠭᠤᠷᠢᠨ ᠪᠠᠶᠢᠴᠠᠭᠠᠯᠲᠠ ᠶᠢᠨ ︽ | ᠰᠡᠭᠦᠯᠴᠢ ᠶᠢᠨ ᠠᠵᠢᠯ︾ ᠢ ᠭᠦᠨᠵᠡᠭᠡᠶ ᠪᠥᠭᠡᠳ ᠨᠠᠷᠢᠯᠢᠭ ᠬᠢᠵᠦ᠂ ᠨᠢᠭᠡ ᠪᠦᠯᠦᠭ ᠠᠵᠤ ᠠᠬᠤᠶ ᠶᠢᠨ | ᠬᠥᠭᠵᠢᠯᠲᠡ ᠶᠢᠨ ᠠᠰᠠᠭᠤᠳᠠᠯ᠂ ᠨᠡᠶᠢᠭᠡᠮ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠪᠥᠬᠦ ᠰᠢᠶᠠᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |