3 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠥᠪᠥᠷ | ᠮᠣᠩᠭᠤᠯ ᠤᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ | ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠰᠧ ᠬᠠᠶ ᠨᠠᠷ ᠲᠠᠢ ᠶᠠᠷᠢᠯᠴᠠᠬᠤ ᠬᠤᠷᠠᠯ ᠬᠢᠪᠠ᠃ | ᠶᠠᠷᠢᠯᠴᠠᠬᠤ ᠬᠤᠷᠠᠯ ᠳᠡᠭᠡᠷ᠎ᠡ᠂ ᠦ᠋ ᠰᠧ ᠬᠠᠢ ᠲᠦᠷᠦᠯ ᠵᠦᠢᠯ ᠤᠨ ᠲᠥᠯᠥᠪᠵᠢᠭᠦᠯᠭᠡ ᠵᠢᠴᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ | ᠪᠣᠯᠤᠨ ᠠᠰᠠᠭᠤᠳᠠᠯ ᠤᠨ ᠲᠣᠭᠤᠷᠢᠨ ᠳᠤ ᠨᠠᠷᠢᠨ ᠲᠣᠳᠣᠷᠬᠠᠶᠢᠯᠠᠯᠲᠠ ᠬᠢᠵᠡᠢ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠣᠭᠤᠷᠢᠨ ᠳᠤ ᠠᠵᠤ ᠠᠬᠤᠶᠢᠯᠠᠯ ᠲᠠᠢ | ᠭᠦᠨᠵᠡᠭᠡᠶ ᠰᠣᠯᠢᠯᠴᠠᠭ᠎ᠠ ᠬᠢᠬᠦ ᠶᠢᠨ ᠬᠠᠮᠲᠤ᠂ ᠲᠣᠰ ᠲᠣᠰ ᠤᠨ ᠬᠦᠷᠢᠶᠡᠨ ᠳᠠᠬᠢ ᠭᠠᠷᠳᠠᠮ ᠢ ᠭᠦᠢᠴᠡᠳᠭᠡᠬᠦ ᠪᠠ | ᠪᠤᠰᠤᠳ ᠠᠵᠤ ᠠᠬᠤᠶᠢᠯᠠᠯ ᠳᠤ ᠬᠤᠯᠪᠣᠭᠳᠠᠬᠤ ᠬᠠᠮᠢᠶ᠎ᠠ ᠪᠥᠬᠦᠶ ᠵᠦᠢᠯᠡᠰ ᠢ ᠨᠠᠶᠢᠳᠠᠪᠤᠷᠢᠵᠢᠭᠤᠯᠬᠤ ᠶᠢ ᠪᠥᠬᠦ | ᠬᠦᠴᠦᠨ ᠢᠶᠠᠷ ᠢᠶᠠᠨ ᠵᠣᠬᠢᠴᠠᠭᠤᠯᠵᠤ᠂ ᠲᠥᠷᠥᠯ ᠵᠦᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ | ᠪᠠᠲᠤᠯᠠᠨ᠎ᠠ ᠭᠡᠵᠦ ᠢᠯᠡᠳᠬᠡᠪᠡ᠃ | ᠶᠠᠩ ᠸᠧᠨ ᠾᠦᠢ ᠬᠤᠷᠠᠯ ᠳᠡᠭᠡᠷ᠎ᠡ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ | ᠬᠠᠷᠢᠭᠤᠯᠲᠠ ᠥᠭᠴᠦ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠠᠷᠢᠨ | ᠵᠦᠢᠯᠡᠰ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ ᠶᠠᠩ ᠸᠧᠨ ᠾᠦᠢ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠮᠥᠷᠳᠡᠨ ᠦᠢᠯᠡᠴᠢᠯᠡᠵᠦ᠂ ᠤᠯᠤᠯᠴᠠᠭ᠎ᠠ | ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠲᠦᠭᠵᠢᠷᠡᠯ᠂ ᠬᠤᠷᠢᠭ᠎ᠠ ᠴᠡᠭ᠂ ᠬᠦᠴᠢᠷ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ︽ᠦᠢᠯᠡᠴᠢᠯᠡᠭᠴᠢ︾ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠢ ᠭᠡᠵᠦ ᠬᠡᠯᠡᠪᠡ᠃ ᠬᠤᠶᠠᠷ ᠲᠠᠯ᠎ᠠ ᠪᠠᠷ ᠢᠶᠠᠨ ᠡᠭᠦᠷᠭᠡ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ | ᠡᠮᠬᠢᠯᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠵᠣᠬᠢᠴᠠᠭᠤᠯᠤᠨ ᠲᠤᠬᠢᠷᠠᠭᠤᠯᠬᠤ ᠪᠠᠨ | ᠴᠢᠩᠭᠠᠳᠬᠠᠵᠤ᠂ ︽ᠭᠠᠷᠠᠭ ᠢᠶᠠᠷ ᠲᠤᠬᠢᠷᠠᠭᠤᠯᠬᠤ᠂ ᠰᠠᠷ᠎ᠠ ᠪᠠᠷ ᠬᠤᠷᠠᠯ ᠬᠢᠬᠦ︾ ᠵᠡᠷᠭᠡ ᠬᠡᠯᠪᠡᠷᠢ ᠶᠢ ᠠᠪᠴᠤ᠂ | ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡ | ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠱᠠᠩᠳᠤ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | ᠦ᠋ ᠰᠧ ᠬᠠᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠦᠷᠦᠯ ᠵᠦᠢᠯ ᠤᠨ ᠪᠡᠯᠡᠳᠬᠡᠯ ᠠᠵᠢᠯ | ᠪᠣᠯᠤᠨ ᠠᠬᠢᠭᠤᠯᠬᠤ ᠶᠠᠪᠤᠴᠠ ᠳᠠᠬᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠵᠦ᠂ ᠮᠧᠩ ᠸᠧᠢ ᠺᠣᠮᠫᠠᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠲᠤᠪᠠᠷ | ᠴᠢᠷᠮᠠᠶᠢᠵᠤ᠂ ᠨᠢᠭᠲᠠ ᠬᠠᠮᠵᠢᠯᠴᠠᠵᠤ᠂ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠭᠦᠷᠭᠡᠯᠡᠯ ᠢᠶᠠᠨ | ᠢᠯᠡᠷᠡᠭᠦᠯᠦᠨ᠎ᠡ ᠭᠡᠵᠦ ᠢᠯᠡᠳᠬᠡᠪᠡ᠃ ᠲᠠᠷᠠᠭᠠᠴᠢ ᠶᠢᠨ ᠲᠥᠷᠥᠯ ᠵᠦᠢᠯ ᠢ ᠠᠬᠢᠭᠤᠯᠬᠤ ᠳᠤᠮᠳᠠ᠂ ᠲᠥᠷᠥᠯ | ᠵᠦᠢᠯ ᠤᠨ ᠲᠥᠯᠥᠪᠵᠢᠭᠦᠯᠭᠡ ᠬᠢᠭᠡᠳ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠬᠠᠪᠤᠷ ᠤᠨ | ᠡᠬᠢ ᠪᠠᠷ ᠠᠵᠢᠯ ᠢᠶᠠᠨ ᠡᠬᠢᠯᠡᠭᠦᠯᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠵᠢᠭᠰᠠᠭᠠᠵᠤ᠂ ᠬᠥᠮᠦᠨ ᠤ ᠬᠦᠴᠦᠨ ᠪᠠ ᠪᠣᠳᠠᠰ ᠤᠨ ᠬᠦᠴᠦᠨ ᠤ ᠡᠬᠢ ᠪᠠᠶᠠᠯᠢᠭ ᠢ ᠭᠦᠢᠴᠡᠳ | ᠳᠣᠭᠢᠷᠠᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠡᠴᠦᠰ ᠲᠤ ᠴᠢᠬᠤᠯᠠ ᠶᠡᠭᠡ ᠱᠠᠲᠤ ᠦᠶ᠎ᠡ ᠶᠢᠨ ᠴᠢᠨᠠᠷᠲᠠᠶ ᠦᠷ᠎ᠡ | ᠪᠦᠲᠦᠭᠡᠯ ᠤᠯᠬᠤ ᠪᠠᠷ ᠴᠢᠷᠮᠠᠶᠢᠵᠤ᠂ ᠱᠠᠩᠳᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃ | ᠭᠦᠸᠧ ᠢᠦᠢ ᠭᠤᠸᠠᠩ᠂ ᠷᠧᠨ ᠬᠠᠢ ᠴᠢᠩ᠂ ᠶᠤᠸᠠᠨ ᠬᠠᠢ ᠬᠤᠩ ᠣᠷᠣᠯᠴᠠᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |