| | | ᠬᠦᠨᠳᠦᠲᠦ ᠵᠣᠴᠢᠳ ᠸᠧᠩ ᡁᠢ ᠵᠢᠶᠦ᠋ᠨ ᠱᠠᠩᠳᠤ ᠰᠢᠶᠠᠨ ᠤ ᠮᠣᠳᠣ ᠰᠢᠶᠠᠩ ᠤᠨ ᠨᠠᠮ ᠤᠨ ᠬᠤᠷᠢᠶᠠᠨ ᠤ ᠱᠦᠵᠢ | ᠲᠣᠪᠴᠢ ᠮᠣᠳᠣ ᠰᠢᠶᠠᠩ ᠱᠠᠩᠳᠤ ᠰᠢᠶᠠᠨ ᠤ ᠬᠤᠶᠢᠲᠤ ᠬᠡᠰᠡᠭ ᠲᠤ ᠪᠠᠶᠢᠷᠢᠯᠠᠵᠤ᠂ ᠰᠢᠶᠠᠨ ᠤ ᠬᠤᠳᠠ ᠠᠴᠠ | 55 ᠺᠢᠯᠣᠮᠧᠳ᠋ᠷ ᠵᠠᠶᠢᠲᠠᠶ ᠪᠠᠶᠢᠳᠠᠭ᠃ ᠪᠦᠬᠦ ᠰᠢᠶᠠᠩ ᠳᠤ 13 ᠭᠠᠴᠠᠭᠠᠨ ᠤ ᠠᠷᠠᠳ ᠤᠨ ᠵᠥᠪᠯᠡᠯ᠂ 41 ᠠᠶᠢᠯ᠂ | ᠡᠷᠦᠬᠡ ᠠᠮᠠ ᠶᠢᠨ ᠬᠠᠷᠢᠶ᠎ᠠ ᠶᠢᠨ ᠬᠥᠮᠦᠨ ᠠᠮᠠ 6852 ᠡᠷᠦᠬᠡ᠂ 14347 ᠬᠥᠮᠦᠨ᠂ ᠪᠠᠶᠢᠩᠭᠤ ᠰᠠᠭᠤᠭ᠎ᠠ | ᠬᠥᠮᠦᠨ ᠠᠮᠠ 1739 ᠡᠷᠦᠬᠡ᠂ 3146 ᠬᠥᠮᠦᠨ ᠪᠠᠶᠢᠨ᠎ᠠ᠃ ᠪᠦᠬᠦ ᠰᠢᠶᠠᠩ ᠤᠨ ᠬᠠᠷᠢᠶ᠎ᠠ ᠭᠠᠵᠠᠷ ᠤᠨ ᠲᠠᠯᠠᠪᠠᠢ | 284 ᠲᠡᠭᠰᠢ ᠳᠥᠷᠪᠡᠯᠵᠢᠨ ᠺᠢᠯᠣᠮᠧᠳ᠋ᠷ᠂ ᠲᠠᠷᠢᠶᠠᠨ ᠭᠠᠵᠠᠷ ᠤᠨ ᠲᠠᠯᠠᠪᠠᠢ 14.65 ᠲᠦᠮᠡᠨ ᠮᠦ᠂ ᠭᠤᠣᠯᠳᠠᠭᠤ | ᠬᠠᠭᠤᠷᠠᠢ ᠲᠠᠷᠢᠶᠠᠯᠠᠩ ᠢᠶᠠᠷ ᠭᠤᠣᠯ ᠪᠣᠯᠭᠠᠨ᠎ᠠ︔ ᠣᠶᠢᠲᠤ ᠭᠠᠵᠠᠷ ᠤᠨ ᠲᠠᠯᠠᠪᠠᠢ 7.6 ᠲᠦᠮᠡᠨ ᠮᠦ᠃ ᠲᠠᠷᠢᠮᠠᠯ ᠤᠨ | ᠦᠢᠯᠡᠰ ᠤᠨ ᠪᠦᠲᠦᠴᠡ ᠶᠢ ᠲᠣᠬᠢᠷᠠᠭᠤᠯᠤᠭᠰᠠᠨ ᠤ ᠳᠠᠷᠠᠭ᠎ᠠ ᠪᠦᠬᠦ ᠰᠢᠶᠠᠩ ᠤᠨ ᠠᠮᠤ ᠪᠤᠳᠠᠭᠠᠨ ᠤ ᠲᠠᠷᠢᠮᠠᠯ ᠤᠨ | ᠲᠠᠯᠠᠪᠠᠢ 8.97493 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠪᠤᠰᠤ ᠲᠠᠷᠢᠮᠠᠯ ᠤᠨ ᠲᠠᠯᠠᠪᠠᠢ 1.7405 | ᠲᠦᠮᠡᠨ ᠮᠦ ᠳᠤ ᠬᠦᠷᠴᠡᠢ᠃ ᠲᠡᠵᠢᠭᠡᠨ ᠦᠷᠡᠵᠢᠭᠦᠯᠬᠦ ᠦᠢᠯᠡᠰ ᠲᠤ ᠣᠲᠣ 2848 ᠦᠬᠡᠷ᠂ 37971 | ᠬᠤᠨᠢ ᠲᠠᠢ ᠪᠠᠶᠢᠪᠠ᠃ | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ | 【 ᠰᠤᠷᠪᠤᠯᠵᠢᠯᠠᠭᠴᠢ 】 ᠸᠧᠩ ᠱᠦᠵᠢ᠂ ᠲᠠ ᠰᠠᠶᠢᠨ ᠤᠤ︕ ᠲᠠ ᠮᠠᠨ ᠤ ᠰᠢᠶᠠᠩ ᠤᠨ ᠦᠨᠳᠦᠰᠦᠨ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | 【 ᠬᠦᠨᠳᠦᠲᠦ ᠵᠣᠴᠢᠨ 】 ᠮᠣᠳᠣ ᠰᠢᠶᠠᠩ ᠱᠠᠩᠳᠤ ᠰᠢᠶᠠᠨ ᠤ ᠬᠤᠶᠢᠲᠤ ᠬᠡᠰᠡᠭ ᠲᠤ ᠪᠠᠶᠢᠷᠢᠯᠠᠵᠤ᠂ | ᠰᠢᠶᠠᠨ ᠤ ᠬᠤᠳᠠ ᠠᠴᠠ 55 ᠺᠢᠯᠣᠮᠧᠳ᠋ᠷ ᠵᠠᠶᠢᠲᠠᠶ ᠪᠠᠶᠢᠳᠠᠭ᠃ ᠪᠦᠬᠦ ᠰᠢᠶᠠᠩ ᠳᠤ ᠬᠠᠷᠢᠶᠠᠯᠠᠭᠳᠠᠵᠤ ᠪᠠᠶᠢᠭ᠎ᠠ 13 | ᠲᠣᠰᠬᠤᠨ᠂ 41 ᠠᠶᠢᠯ᠃ ᠪᠦᠬᠦ ᠰᠢᠶᠠᠩ ᠤᠨ ᠬᠠᠷᠢᠶ᠎ᠠ ᠭᠠᠵᠠᠷ ᠤᠨ ᠲᠠᠯᠠᠪᠠᠢ 284 ᠲᠡᠭᠰᠢ ᠳᠥᠷᠪᠡᠯᠵᠢᠨ | ᠺᠢᠯᠣᠮᠧᠳ᠋ᠷ᠂ ᠲᠠᠷᠢᠶᠠᠨ ᠭᠠᠵᠠᠷ ᠤᠨ ᠲᠠᠯᠠᠪᠠᠢ 14.65 ᠲᠦᠮᠡᠨ ᠮᠦ᠂ ᠭᠤᠣᠯᠳᠠᠭᠤ ᠬᠠᠭᠤᠷᠠᠢ ᠲᠠᠷᠢᠶᠠᠯᠠᠩ ᠢᠶᠠᠷ | ᠭᠤᠣᠯ ᠪᠣᠯᠭᠠᠵᠤ᠂ ᠲᠡᠵᠢᠭᠡᠨ ᠦᠷᠡᠵᠢᠭᠦᠯᠬᠦ ᠦᠢᠯᠡᠰ ᠨᠢ ᠭᠤᠣᠯᠳᠠᠭᠤ ᠠᠯᠠᠰᠢᠨ ᠦᠬᠡᠷ᠂ ᠠᠯᠠᠰᠢᠨ ᠬᠤᠨᠢ ᠪᠠᠷ | ᠭᠤᠣᠯ ᠪᠣᠯᠭᠠᠵᠤ ᠪᠠᠶᠢᠵᠠᠢ᠃ | 【 ᠰᠤᠷᠪᠤᠯᠵᠢᠯᠠᠭᠴᠢ 】 ᠲᠠ ᠮᠠᠨ ᠤ ᠰᠢᠶᠠᠩ ᠤᠨ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ | ᠠᠮᠢᠳᠤᠷᠠᠯ ᠤᠨ ᠠᠵᠢᠯ ᠤᠨ ᠭᠤᠣᠯᠳᠠᠯᠭ᠎ᠠ ᠶᠢᠨ ᠲᠤᠬᠠᠢ ᠶᠠᠷᠢᠵᠤ ᠴᠢᠳᠠᠬᠤ ᠤᠤ︖ | 【 ᠬᠦᠨᠳᠦᠲᠦ ᠵᠣᠴᠢᠨ 】 ᠮᠣᠣ ᠳ᠋ᠦ᠋ ᠰᠢᠶᠠᠩ ᠱᠠᠩᠳᠤ ᠰᠢᠶᠠᠨ ᠤ ᠬᠤᠶᠢᠲᠤ ᠬᠡᠰᠡᠭ ᠲᠤ ᠪᠠᠶᠢᠷᠢᠯᠠᠵᠤ᠂ | ᠭᠠᠵᠠᠷ ᠰᠢᠨᠵᠢᠯᠡᠭᠡᠨ ᠤ ᠪᠠᠶᠢᠳᠠᠯ ᠪᠤᠳᠤᠯᠢᠶᠠᠨᠲᠠᠢ᠂ ᠭᠠᠵᠠᠷ ᠤᠨ ᠪᠠᠶᠢᠴᠠ ᠨᠢ ᠠᠭᠤᠯᠠᠷᠬᠠᠭ ᠳᠣᠪᠣᠷᠬᠠᠭ ᠢᠶᠠᠷ ᠭᠤᠣᠯ | ᠪᠣᠯᠭᠠᠵᠤ᠂ ᠠᠭᠤᠷ ᠠᠮᠢᠰᠬᠤᠯ ᠤᠨ ᠨᠥᠬᠦᠴᠡᠯ ᠢᠶᠠᠷ ᠨᠡᠯᠢᠶᠡᠳ ᠠᠨᠠᠢ᠂ ᠡᠪᠦᠯ ᠤᠨ ᠤᠯᠠᠷᠢᠯ ᠤᠨ ᠴᠠᠰᠤᠨ ᠤ | ᠬᠡᠮᠵᠢᠶ᠎ᠡ ᠶᠢ ᠡᠮᠦᠨᠡᠲᠦ ᠬᠡᠰᠡᠭ ᠤᠨ ᠰᠢᠶᠠᠩ ᠪᠠᠯᠭᠠᠰᠤ ᠲᠠᠢ ᠬᠠᠷᠢᠴᠠᠭᠤᠯᠪᠠᠯ ᠨᠡᠯᠢᠶᠡᠳ ᠶᠡᠭᠡ ᠪᠣᠯᠬᠤᠷ ᠣᠯᠠᠨ | ᠲᠦᠮᠡᠨ ᠤ ᠡᠪᠦᠯ ᠤᠨ ᠤᠯᠠᠷᠢᠯ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠨᠡᠭᠦᠷᠡᠰᠦ ᠴᠠᠬᠢᠯᠭᠠᠨ᠂ ᠳᠤᠯᠠᠭᠠᠯᠠᠭ᠎ᠠ | ᠵᠢᠴᠢ ᠶᠠᠪᠤᠵᠤ ᠰᠠᠭᠤᠬᠤ ᠠᠮᠤᠷ ᠲᠦᠪᠰᠢᠨ ᠪᠣᠯ ᠪᠢᠳᠡᠨ ᠤ ᠡᠪᠦᠯ ᠤᠨ ᠤᠯᠠᠷᠢᠯ ᠤᠨ ᠠᠮᠤᠷ ᠲᠦᠪᠰᠢᠨ ᠤ ᠠᠵᠢᠯ ᠢ | ᠥᠷᠨᠢᠭᠦᠯᠬᠦ ᠶᠢᠨ ᠭᠤᠣᠯᠳᠠᠯᠭ᠎ᠠ ᠪᠣᠯᠤᠨ᠎ᠠ᠃ ᠮᠠᠨ ᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠤᠶᠠᠷ ᠱᠠᠲᠤᠨ ᠤ | ᠮᠡᠳᠡᠭᠡ ᠵᠠᠩᠭᠢ ᠶᠢᠨ ᠨᠡᠪᠲᠡᠷᠡᠯᠴᠡᠭᠡ ᠶᠢᠨ ᠠᠷᠭ᠎ᠠ ᠵᠠᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ ᠤ | ᠠᠰᠠᠭᠤᠳᠠᠯ ᠭᠠᠷᠪᠠᠯ ᠲᠣᠰᠬᠤᠨ ᠤ ᠱᠠᠲᠤᠨ ᠤ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠵᠤ᠂ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠡᠷᠡ ᠳᠠᠷᠤᠶ ᠳᠤᠨᠢ ᠴᠤᠤᠷᠢᠶᠠᠲᠤᠨ ᠳᠠᠭᠠᠬᠤ ᠶᠢᠨ ᠬᠠᠮᠲᠤ | ᠰᠢᠶᠠᠩ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠪᠤᠷᠢ ᠪᠠᠭ᠎ᠠ ᠠᠩᠭᠢ ᠲᠣᠮᠢᠯᠠᠨ ᠪᠠᠴᠢᠮ | ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠵᠦ᠂ ᠬᠦᠨᠳᠦ ᠶᠡᠭᠡ ᠠᠳᠡᠯ ᠭᠠᠷᠪᠠᠯ ᠲᠡᠷᠡ | ᠳᠠᠷᠤᠶ ᠳᠤᠨᠢ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠬᠦ ᠬᠡᠷᠡᠭᠲᠡᠶ᠃ ᠡᠭᠦᠨ ᠤ ᠬᠠᠮᠲᠤ ᠰᠢᠶᠠᠩ ᠤᠨ ᠱᠠᠲᠤᠨ ᠤ ᠡᠯ᠎ᠡ | ᠳᠠᠭᠠᠭᠠᠴᠢᠯᠠᠭᠰᠠᠨ ᠲᠣᠰᠬᠤᠨ ᠤ ᠤᠳᠤᠷᠢᠳᠤᠯᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ ᠡᠳᠦᠷ ᠲᠤᠲᠤᠮ ᠤᠨ | ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠠᠮᠤᠷ ᠲᠦᠪᠰᠢᠨ ᠤ ᠬᠡᠮ | ᠰᠣᠭᠤᠭ ᠢ ᠴᠤᠬᠤᠶᠢᠵᠤ ᠪᠠᠶᠢᠬᠤ ᠳᠤᠨᠢ ᠪᠣᠭᠤᠮᠢᠯᠠᠬᠤ ᠬᠡᠷᠡᠭᠲᠡᠶ ᠭᠡᠵᠦ ᠱᠠᠭᠠᠷᠳᠠᠪᠠ᠃ | 【 ᠰᠤᠷᠪᠤᠯᠵᠢᠯᠠᠭᠴᠢ 】 ᠸᠧᠩ ᠱᠦᠵᠢ᠂ ᠡᠨᠡ ᠵᠢᠯ ᠤᠨ ᠡᠪᠦᠯ ᠤᠨ ᠤᠯᠠᠷᠢᠯ ᠳᠤ ᠮᠠᠨ ᠤ ᠰᠢᠶᠠᠩ ᠤᠯᠠᠨ | ᠲᠦᠮᠡᠨ ᠤ ᠠᠶᠤᠯᠭᠦᠢ ᠦᠢᠯᠡᠳᠪᠦᠷᠢᠯᠡᠯ ᠠᠮᠢᠳᠤᠷᠠᠯ ᠤᠨ ᠠᠵᠢᠯ ᠤᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | | 【 ᠬᠦᠨᠳᠦᠲᠦ ᠵᠣᠴᠢᠨ 】 ᠨᠢᠭᠡᠳᠦᠭᠡᠷ ᠲᠤ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠡᠪᠦᠯ ᠤᠨ | ᠤᠯᠠᠷᠢᠯ ᠤᠨ ᠪᠦᠬᠦ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠲᠤᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠤᠯᠠᠨ ᠲᠦᠮᠡᠨ ᠤ ᠭᠠᠯ ᠴᠠᠬᠢᠯᠭᠠᠨ ᠨᠡᠭᠦᠷᠡᠰᠦ ᠬᠡᠷᠡᠭᠯᠡᠬᠦ | ᠵᠡᠷᠭᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠲᠤᠬᠠᠢ | ᠪᠠᠶᠢᠷᠢᠯᠠᠭᠤᠯᠤᠯᠲᠠ ᠬᠢᠵᠦ᠂ ᠪᠦᠬᠦ ᠰᠢᠶᠠᠩ ᠤᠨ ᠳᠡᠭᠡᠳᠦ ᠲᠤᠤᠷᠠᠳᠤ ᠱᠠᠳᠤ ᠶᠢ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠴᠢᠩᠭ᠎ᠠ ᠪᠣᠳᠠᠲᠠᠢ ᠠᠳᠬᠤᠵᠤ᠂ | ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠲᠦᠷᠢᠮ ᠤᠨ ᠬᠡᠷᠡᠭᠵᠢᠭᠦᠯᠦᠯᠲᠡ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ | ᠠᠳᠡᠯ ᠭᠠᠷᠬᠤ ᠶᠢ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ ᠬᠤᠶᠠᠳᠤᠭᠠᠷ ᠲᠤ᠂ ᠮᠣᠣ ᠳ᠋ᠦ᠋ ᠰᠢᠶᠠᠩ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠬᠠᠷᠢᠶ᠎ᠠ ᠣᠷᠣᠨ ᠤ ᠡᠯ᠎ᠡ ᠵᠣᠯ ᠵᠢᠷᠭᠠᠯ ᠤᠨ ᠬᠦᠷᠢᠶᠡᠯᠡᠩ᠂ | ᠳᠡᠯᠭᠡᠭᠦᠷ᠂ ᠬᠤᠭᠤᠯᠠᠨ ᠭᠡᠷ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠵᠡᠷᠭᠡ ᠭᠤᠣᠯᠳᠠᠯᠭ᠎ᠠ ᠲᠠᠢ | ᠲᠠᠯᠠᠪᠤᠷ ᠲᠤ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠡᠰᠡᠬᠦ᠂ ᠴᠠᠬᠢᠯᠭᠠᠨ ᠬᠡᠷᠡᠭᠯᠡᠬᠦ | ᠨᠡᠭᠦᠷᠡᠰᠦ ᠪᠠᠷ ᠭᠠᠯ ᠬᠡᠷᠡᠭᠯᠡᠬᠦ ᠳᠤ ᠠᠮᠤᠷ ᠲᠦᠪᠰᠢᠨ ᠵᠢᠷᠤᠮᠵᠢᠯ ᠲᠠᠢ ᠪᠠᠶᠢᠬᠤ ᠡᠰᠡᠬᠦ᠂ ᠠᠮᠤᠷ ᠲᠦᠪᠰᠢᠨ ᠤ | ᠬᠠᠮᠠᠭᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠪᠦᠬᠦ ᠲᠠᠯ᠎ᠠ ᠶᠢᠨ | ᠪᠠᠶᠢᠴᠠᠭᠠᠯᠲᠠ ᠬᠢᠵᠦ᠂ ᠣᠷᠬᠢᠭᠳᠠᠭᠤᠯᠤᠯ ᠦᠭᠡᠢ ᠵᠢᠭᠰᠠᠭᠠᠨ ᠪᠠᠶᠢᠴᠠᠭᠠᠯᠲᠠ ᠬᠢᠵᠦ᠂ ᠥᠨᠴᠥᠭ ᠪᠤᠯᠤᠩ ᠦᠭᠡᠢ | ᠵᠢᠭᠰᠠᠭᠠᠨ ᠪᠠᠶᠢᠴᠠᠭᠠᠯᠲᠠ ᠬᠢᠪᠡ᠃ ᠭᠤᠷᠪᠠᠳᠤᠭᠠᠷ ᠲᠤ᠂ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ ᠢ | ᠵᠣᠬᠢᠶᠠᠨ ᠪᠠᠶᠢᠭᠤᠯᠤᠨ ᠡᠷᠦᠬᠡ ᠳᠤ ᠬᠦᠷᠴᠦ ︽ᠡᠭᠦᠳᠡ ᠲᠣᠭᠰᠢᠬᠤ ᠤᠬᠠᠭᠤᠯᠭ᠎ᠠ︾ ᠶᠢ ᠥᠷᠨᠢᠭᠦᠯᠵᠦ᠂ ᠣᠯᠠᠨ | ᠲᠦᠮᠡᠨ ᠳᠤ ᠭᠠᠯ ᠤᠨᠲᠠᠷᠠᠭᠠᠬᠤ᠂ ᠴᠠᠬᠢᠯᠭᠠᠨ ᠬᠡᠷᠡᠭᠯᠡᠬᠦ ᠨᠡᠭᠦᠷᠡᠰᠦ ᠪᠠᠷ ᠭᠠᠯ ᠬᠡᠷᠡᠭᠯᠡᠬᠦ᠂ ᠠᠮᠤᠷ ᠲᠦᠪᠰᠢᠨ ᠤ | ᠶᠡᠷᠦ ᠶᠢᠨ ᠮᠡᠳᠡᠯᠭᠡ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ | ᠲᠠᠶᠢᠯᠪᠤᠷᠢᠯᠠᠨ ᠥᠭᠪᠡ᠃ ᠡᠭᠦᠨ ᠤ ᠬᠠᠮᠲᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠪᠠᠷ ᠳᠠᠮᠵᠢᠭᠤᠯᠤᠨ᠂ | ᠲᠣᠰᠬᠤᠨ ᠪᠣᠯᠭᠠᠨ ᠳᠤ ᠲᠣᠮᠣ ᠪᠦᠷᠢᠶ᠎ᠡ᠂ ᠸᠢᠴᠠᠲ ᠤᠨ ᠪᠦᠯᠦᠭ᠂ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ | ᠮᠠᠶ᠋ᠢᠭ ᠢ ᠠᠰᠢᠭᠯᠠᠨ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠤᠨ ᠠᠮᠤᠷ ᠲᠦᠪᠰᠢᠨ ᠵᠡᠷᠭᠡ ᠠᠮᠤᠷ ᠲᠦᠪᠰᠢᠨ ᠤ | ᠮᠡᠳᠡᠯᠭᠡ ᠶᠢ ᠢᠳᠡᠪᠬᠢᠲᠡᠶ ᠳᠡᠯᠭᠡᠷᠡᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠦᠭᠡᠮᠡᠯᠵᠢᠭᠦᠯᠵᠦ᠂ ᠤᠬᠠᠭᠤᠯᠭ᠎ᠠ ᠬᠥᠮᠦᠵᠢᠯ ᠢ ᠪᠣᠳᠠᠲᠠᠶ ᠳᠤ | ᠨᠠᠶᠢᠳᠠᠪᠤᠷᠢᠵᠢᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | 【 ᠰᠤᠷᠪᠤᠯᠵᠢᠯᠠᠭᠴᠢ 】 ᠸᠧᠩ ᠱᠦᠵᠢ ᠡ᠂ ᠮᠠᠨ ᠤ ᠰᠢᠶᠠᠩ ᠡᠪᠦᠯ ᠤᠨ ᠤᠯᠠᠷᠢᠯ ᠤᠨ ᠣᠯᠠᠨ ᠲᠦᠮᠡᠨ ᠤ | ᠠᠶᠤᠯᠭᠦᠶ ᠦᠶ᠋ᠯᠡᠳᠪᠦᠷᠢᠯᠡᠯ ᠠᠮᠢᠳᠤᠷᠠᠯ ᠤᠨ ᠠᠵᠢᠯ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠳᠠᠷᠠᠭ᠎ᠠ ᠠᠯᠬᠤᠮ ᠳᠤ ᠶᠠᠮᠠᠷ ᠲᠥᠯᠥᠪᠯᠡᠭᠡ ᠲᠠᠢ ᠪᠤᠢ︖ | 【 ᠬᠦᠨᠳᠦᠲᠦ ᠵᠣᠴᠢᠳ᠄ ᠮᠠᠨ ᠤ ᠰᠢᠶᠠᠩ ᠤᠨ ᠣᠯᠠᠨ ᠲᠦᠮᠡᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ ᠰᠢᠶᠠᠩ 2023 ᠣᠨ ᠠᠴᠠ | 2024 ᠤᠨ ᠪᠣᠯᠲᠠᠯᠠᠬᠢ ︽ᠱᠠᠩᠳᠤ ᠰᠢᠶᠠᠨ ᠤ 2023 ᠣᠨ ᠤ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠬᠤᠳᠠᠯᠳᠤᠭᠠᠨ ᠤ ᠵᠠᠰᠠᠭ ᠠᠯᠪᠠᠨ ᠲᠠᠷᠬᠠᠭᠠᠭᠰᠠᠨ ﹇ | 2020﹈ 8 ᠳ᠋ᠤᠭᠠᠷ ᠲᠣᠭᠠᠲᠤ ᠶᠣᠰᠣᠭᠠᠷ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ 374 ᠡᠷᠦᠬᠡ ᠶᠢ ᠨᠠᠶᠢᠳᠠᠪᠤᠷᠢᠵᠢᠭᠤᠯᠵᠤ᠂ ᠣᠳᠣᠬᠠᠨ ᠳᠤ ᠨᠢᠭᠡᠨᠲᠡ ᠪᠦᠬᠦᠨ ᠢ ᠪᠡᠶᠡᠯᠡᠭᠦᠯᠪᠡ | ︔ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠵᠣᠯ ᠵᠢᠷᠭᠠᠯ ᠤᠨ ᠬᠦᠷᠢᠶᠡᠯᠡᠩ ᠤᠨ | 381 ᠡᠷᠦᠬᠡ ᠶᠢ ᠴᠠᠬᠢᠯᠭᠠᠨ ᠪᠣᠯᠭᠠᠨ ᠥᠭᠡᠷᠡᠴᠢᠯᠡᠪᠡ᠃ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ | ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠡᠰᠡᠭ ᠣᠯᠠᠨ ᠲᠦᠮᠡᠨ ᠨᠢᠭᠡᠨᠲᠡ ᠥᠩᠭᠡᠷᠡᠭᠰᠡᠨ ᠤ | ᠰᠢᠲᠠᠭᠠᠯᠭ᠎ᠠ ᠶᠢᠨ ᠨᠡᠭᠦᠷᠡᠰᠦ ᠪᠠᠷ ᠳᠤᠯᠠᠭᠠᠯᠠᠬᠤ ᠵᠤᠤᠬ᠎ᠠ ᠶᠢ ᠰᠢᠭᠰᠢᠭᠳᠡᠭᠦᠯᠵᠦ᠂ ᠰᠢᠲᠠᠭᠠᠯᠭ᠎ᠠ ᠶᠢᠨ ᠨᠡᠭᠦᠷᠡᠰᠦ ᠪᠠᠷ | ᠳᠤᠯᠠᠭᠠᠯᠠᠬᠤ ᠠᠴᠠ ᠪᠣᠯᠵᠣ ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠤᠷᠳᠠᠭᠳᠠᠬᠤ ᠪᠠᠶᠢᠳᠠᠯ ᠭᠠᠷᠬᠤ ᠶᠢ | ᠡᠷᠡᠰ ᠬᠤᠷᠢᠭᠯᠠᠪᠠ᠃ ᠰᠢᠶᠠᠩ ᠤᠨ ᠬᠡᠰᠡᠭ ᠲᠣᠰᠬᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠪᠡᠯᠡ ᠮᠥᠩᠭᠦ ᠶᠢ ᠠᠰᠢᠭᠯᠠᠨ᠂ ᠵᠢᠵᠢᠭ ᠬᠡᠯᠪᠡᠷᠢ ᠶᠢᠨ ᠤᠳᠬᠤᠭᠤᠷ ᠲᠡᠷᠭᠡ ᠬᠤᠳᠠᠯᠳᠤᠨ ᠠᠪᠴᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ᠂ ᠡᠪᠦᠯ ᠤᠨ ᠤᠯᠠᠷᠢᠯ ᠤᠨ ᠬᠤᠷᠠᠭᠰᠠᠨ ᠴᠠᠰᠤᠨ ᠤ ᠵᠠᠮ ᠤᠨ ᠬᠠᠷᠰᠢ | ᠰᠠᠭᠠᠳ ᠢ ᠠᠷᠢᠯᠭᠠᠬᠤ ᠪᠠ ᠵᠠᠮ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠳᠤ ᠬᠡᠷᠡᠭᠯᠡᠵᠦ᠂ ᠡᠨᠡ ᠵᠢᠯ ᠤᠨ | ᠡᠪᠦᠯ ᠤᠨ ᠤᠯᠠᠷᠢᠯ ᠳᠤ ᠨᠢᠭᠡᠨᠲᠡ ᠠᠰᠢᠭᠯᠠᠯᠲᠠ ᠳᠤ ᠣᠷᠣᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ | ᠣᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠩ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠢ ᠵᠣᠬᠢᠴᠠᠭᠤᠯᠬᠤ ᠪᠠᠷ ᠳᠠᠮᠵᠢᠭᠤᠯᠤᠨ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠵᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠢ ᠪᠥᠬᠦ | ᠰᠢᠶᠠᠩ ᠤᠨ 13 ᠲᠣᠰᠬᠤᠨ ᠢ ᠨᠡᠶᠢᠳᠡᠮ ᠪᠦᠷᠬᠦᠭᠦᠯᠬᠦ ᠪᠠᠷ ᠴᠢᠷᠮᠠᠶᠢᠵᠤ᠂ ᠣᠯᠠᠨ ᠲᠦᠮᠡᠨ ᠤ ᠨᠡᠭᠦᠷᠡᠰᠦ ᠰᠢᠲᠠᠭᠠᠵᠤ | ᠳᠤᠯᠠᠭᠠᠯᠠᠬᠤ ᠳᠤ ᠡᠭᠦᠰᠬᠦ ᠠᠮᠤᠷ ᠲᠦᠪᠰᠢᠨ ᠤ ᠠᠰᠠᠭᠤᠳᠠᠯ ᠢ ᠲᠦᠢᠯᠪᠤᠷᠢᠲᠠᠶ ᠬᠤᠷᠢᠭᠯᠠᠨ᠎ᠠ᠃ |