ᠪᠥᠬᠦ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠳᠥᠯᠭᠢᠨ | ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ | ᠵᠦᠢᠯ ᠤᠨ ᠳᠠᠭᠠᠭᠠᠴᠢᠯᠠᠯᠲᠠ ᠵᠠᠷᠯᠠᠬᠤ᠂ ᠬᠢᠨᠠᠨ ᠪᠤᠳᠤᠬᠤ᠂ ᠬᠢᠨᠠᠨ ᠬᠠᠮᠢᠶᠠᠷᠬᠤ᠂ ᠦᠨ᠎ᠡ ᠬᠢᠵᠠᠭᠠᠷᠯᠠᠬᠤ ᠵᠡᠷᠭᠡ ᠡᠯ᠎ᠡ | ᠵᠦᠢᠯ ᠤᠨ ᠠᠵᠢᠯ ᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶᠢᠷ᠎ᠠ ᠶᠢᠨ | ᠬᠤᠭᠤᠴᠠᠭᠠᠨ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠢᠨᠵᠧᠨᠧᠷᠢᠩ ᠤᠨ ᠭᠤᠷᠪᠠᠳᠠᠬᠢ | ᠡᠲᠡᠭᠡᠳ ᠤᠨ ᠣᠷᠣᠯᠠᠨ ᠭᠦᠢᠴᠡᠳᠬᠡᠬᠦ ᠺᠣᠮᠫᠠᠨᠢ ᠶᠢᠨ ᠡᠯᠰᠡᠬᠦ ᠠᠵᠢᠯ ᠢ ᠡᠬᠢᠯᠡᠭᠦᠯᠵᠦ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠭᠰᠡᠨ ᠺᠣᠮᠫᠠᠨᠢ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠪᠠ᠃ | ᠨᠢᠭᠡ᠂ ᠡᠯᠰᠡᠨ ᠰᠣᠩᠭᠤᠬᠤ ᠳᠤ ᠣᠷᠣᠯᠴᠠᠬᠤ ᠭᠤᠶᠤᠴᠢᠯᠠᠭᠴᠢ ᠶᠢᠨ ᠬᠢᠷᠢ ᠬᠡᠮ ᠤᠨ ᠨᠥᠬᠦᠴᠡᠯ | ︵ᠨᠢᠭᠡ᠂ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠬᠢᠷᠢ ᠬᠡᠮ ᠲᠠᠢ ︵ᠬᠦᠴᠦᠨ ᠪᠦᠬᠦᠢ | ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠭᠤᠯᠤᠭᠰᠠᠨ ᠦᠨᠡᠮᠯᠡᠯ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠵᠤ᠂ | ᠭᠤᠷᠪᠠᠨ ᠦᠨᠡᠮᠯᠡᠯ ᠢ ᠨᠢᠭᠡᠳᠬᠡᠭᠰᠡᠨ ᠠᠵᠤ ᠠᠬᠤᠶᠢᠯᠠᠯ ᠨᠢ ᠵᠥᠪᠬᠡᠨ ᠡᠵᠡᠩᠨᠡᠯᠲᠡ ᠶᠢᠨ ᠦᠨᠡᠮᠯᠡᠯ ᠬᠠᠩᠭᠠᠬᠤ ᠬᠡᠷᠡᠭᠲᠡᠢ | ︶ | ︵ᠬᠤᠶᠠᠷ︶ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ | ᠪᠦᠷᠢᠯᠳᠦᠭᠦᠯᠬᠦ ᠬᠡᠷᠡᠭᠲᠡᠶ︔ | ᠬᠤᠶᠠᠷ᠂ ᠡᠯᠰᠡᠨ ᠰᠣᠩᠭᠤᠬᠤ ᠳᠤ ᠣᠷᠣᠯᠴᠠᠬᠤ ᠴᠢᠬᠤᠯᠠᠲᠠᠶ ᠮᠠᠲ᠋ᠧᠷᠢᠶᠠᠯ | ︵ᠨᠢᠭᠡ᠂ ᠨᠢᠭᠡᠴᠡ ᠶᠢᠨ ᠦᠨᠳᠦᠰᠦᠨ ᠪᠠᠢᠳᠠᠯ ︵ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ᠂ ᠣᠢᠷ᠎ᠠ ᠶᠢᠨ | ᠭᠤᠷᠪᠠᠨ ᠵᠢᠯ ᠤᠨ ᠠᠮᠵᠢᠯᠲᠠ ᠪᠦᠲᠦᠮᠵᠢ ᠶᠢᠨ ᠪᠠᠢᠳᠠᠯ ᠵᠡᠷᠭᠡ ᠪᠠᠭᠲᠠᠨ᠎ᠠ︶ | ︵ᠬᠤᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠠᠭᠠᠭᠠᠴᠢᠯᠠᠯᠲᠠ | ᠵᠠᠷᠯᠠᠬᠤ ᠶᠢ ᠣᠷᠣᠯᠠᠬᠤ᠂ ᠬᠢᠨᠠᠨ ᠬᠠᠮᠢᠶᠠᠷᠬᠤ ᠵᠡᠷᠭᠡ ᠱᠠᠭᠠᠷᠳᠠᠯᠭ᠎ᠠ ᠳᠤ ᠨᠡᠶᠢᠴᠡᠵᠦ᠂ ᠵᠠᠰᠠᠭ ᠤᠨ ᠣᠷᠳᠣᠨ ᠤ | ᠳᠠᠭᠠᠭᠠᠴᠢᠯᠠᠯᠲᠠ ᠵᠠᠷᠯᠠᠬᠤ ᠶᠢ ᠣᠷᠣᠯᠠᠬᠤ᠂ ᠬᠢᠨᠠᠨ ᠬᠠᠮᠢᠶᠠᠷᠬᠤ ᠵᠡᠷᠭᠡ ᠪᠠᠶᠢᠭᠤᠯᠤᠮᠵᠢ ᠶᠢᠨ ᠨᠡᠷᠡᠰ ᠲᠤ | ᠣᠷᠣᠭᠤᠯᠤᠨ᠎ᠠ ︵ᠬᠠᠩᠭᠠᠬᠤ ᠨᠡᠷ᠎ᠡ ᠶᠢᠨ ᠬᠠᠭᠤᠳᠠᠰᠤᠨ ᠳᠤ ᠪᠤᠳᠤᠭᠲᠤ ᠥᠩᠭᠡ ᠪᠠᠷ ᠳᠠᠷᠤᠮᠠᠯᠯᠠᠬᠤ ᠪᠢᠴᠢᠭ | ᠮᠠᠲ᠋ᠧᠷᠢᠶᠠᠯ︶ ᠬᠠᠮᠢᠶ᠎ᠠ ᠪᠦᠬᠦᠢ ᠭᠡᠷᠡᠴᠢ᠂ | ︵ᠭᠤᠷᠪᠠ︶ ᠭᠠᠶᠢᠯᠢ ᠲᠠᠲᠠᠪᠤᠷᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ | ᠲᠤᠰᠢᠶᠠᠬᠤ ᠬᠦᠴᠦᠨ ᠪᠦᠬᠦᠢ ᠭᠡᠷᠡᠴᠢ ︵ᠣᠶᠢᠷ᠎ᠠ ᠶᠢᠨ ᠬᠠᠭᠠᠰ ᠵᠢᠯ ᠤᠨ ᠳᠣᠲᠣᠷ᠎ᠠ ᠭᠠᠶᠢᠯᠢ ᠶᠢᠨ ᠵᠣᠭᠤᠰ ᠪᠣᠯᠤᠨ | ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠠᠯᠢ ᠪᠣᠯᠬᠤᠶᠢᠴᠠ ᠨᠢᠭᠡ ᠰᠠᠷ᠎ᠠ ᠶᠢᠨ ᠳᠣᠲᠣᠷ᠎ᠠ ᠬᠠᠩᠭᠠᠬᠤ | ᠪᠠᠩᠬᠢ ᠶᠢᠨ ᠭᠡᠷᠡᠴᠢ ᠪᠠᠷᠢᠮᠲᠠ︶ | ︵ᠳᠥᠷᠪᠡ ᠳᠤ᠂ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ︽ᠢᠲᠡᠭᠡᠮᠵᠢᠲᠦ | ᠳᠤᠮᠳᠠᠳᠤ ᠤᠯᠤᠰ︾ ᠤᠨ ᠰᠦᠯᠵᠢᠶ᠎ᠡ ︵www.creditchina.gov.cn︶ ᠢᠲᠡᠭᠡᠯ ᠠᠯᠳᠠᠭᠰᠠᠨ | ᠭᠦᠢᠴᠡᠳᠬᠡᠭᠳᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠶ ᠶᠢᠨ | ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ | ᠢᠲᠡᠭᠡᠯ ᠠᠯᠳᠠᠭᠰᠠᠨ ᠨᠡᠷᠡᠰ ᠤᠨ ᠵᠢᠭᠰᠠᠭᠠᠯᠲᠠ ᠳᠤ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ | ᠰᠠᠬᠢᠯᠭ᠎ᠠ ᠠᠴᠠ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠥᠬᠡᠶ ᠪᠥᠭᠡᠳ ︽ᠢᠲᠡᠭᠡᠮᠵᠢᠲᠦ ᠳᠤᠮᠳᠠᠳᠤ ᠤᠯᠤᠰ︾ | ᠵᠡᠷᠭᠡ ᠪᠠᠶᠢᠴᠠᠭᠠᠨ ᠯᠠᠪᠯᠠᠬᠤ ᠵᠢᠷᠤᠭ ᠬᠠᠩᠭᠠᠬᠤ ᠬᠡᠷᠡᠭᠲᠡᠶ᠃ | ᠭᠤᠷᠪᠠ᠂ ᠪᠤᠰᠤᠳ ᠵᠦᠢᠯ | ︵ᠨᠢᠭᠡ︶ ᠬᠠᠮᠤᠭ ᠤᠨ ᠡᠴᠦᠰ ᠲᠤ ᠬᠠᠮᠲᠤᠷᠠᠨ ᠠᠵᠢᠯᠯᠠᠬᠤ ᠨᠢᠭᠡᠴᠡ ᠵᠥᠪᠳᠡᠯᠴᠡᠬᠡᠷ ᠲᠣᠭᠲᠠᠬᠤ ᠪᠠᠷ | ᠪᠠᠷᠢᠮᠵᠢᠶ᠎ᠠ ᠪᠣᠯᠭᠠᠵᠤ᠂ ᠤᠷᠤᠭᠰᠠᠨ ᠦᠭᠡᠶ ᠨᠢᠭᠡᠴᠡ ᠳᠠᠬᠢᠵᠤ ᠠᠰ ᠲᠤᠨᠢ ᠮᠡᠳᠡᠭᠳᠡᠬᠦ ᠦᠭᠡᠶ᠃ | ︵ᠬᠤᠶᠠᠷ︶ ᠲᠣᠰ ᠤᠳᠠᠭᠠᠨ ᠤ ᠡᠯᠰᠡᠨ ᠴᠤᠭᠯᠠᠭᠤᠯᠬᠤ ᠳᠤ ᠶᠠᠮᠠᠷᠪᠠ ᠰᠦᠢᠳᠬᠡᠯ ᠬᠤᠷᠢᠶᠠᠬᠤ ᠥᠬᠡᠶ᠂ ᠡᠯ᠎ᠡ | ᠪᠠᠶᠢᠭᠤᠯᠤᠮᠵᠢ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠶ᠃ | ︵ᠭᠤᠷᠪᠠ︶ ᠲᠣᠰ ᠲᠥᠷᠥᠯ ᠵᠦᠢᠯ ᠨᠢ ᠬᠤᠶᠠᠷ ᠪᠤᠶᠤ ᠬᠤᠶᠠᠷ ᠠᠴᠠ ᠳᠡᠭᠡᠭᠰᠢᠬᠢ ᠰᠣᠩᠭᠤᠭᠤᠯᠢ ᠳᠤ | ᠣᠷᠣᠯᠴᠠᠬᠤ ᠪᠠᠶᠢᠭᠤᠯᠤᠮᠵᠢ ᠶᠢ ᠭᠥᠯᠢᠶᠡᠨ ᠠᠪᠬᠤ ᠦᠭᠡᠢ ᠪᠠᠷ ᠬᠤᠯᠪᠣᠭᠠᠲᠤ ᠴᠣᠭᠴᠠ ᠶᠢᠨ ᠠᠷᠭ᠎ᠠ ᠮᠠᠶ᠋ᠢᠭ ᠢᠶᠠᠷ | ᠰᠣᠩᠭᠤᠬᠤ ᠳᠤ ᠣᠷᠣᠯᠴᠠᠨ᠎ᠠ᠃ | ︵ᠲᠦᠷᠪᠡ︶ ᠡᠯᠰᠡᠯᠲᠡ ᠳᠤ ᠣᠷᠣᠯᠴᠠᠭᠰᠠᠨ ᠡᠯ᠎ᠡ ᠨᠢᠭᠡᠴᠡ ᠲᠣᠰ ᠨᠢᠭᠡᠴᠡ ᠶᠢᠨ ᠢᠶᠠᠨ ᠬᠠᠩᠭᠠᠭᠰᠠᠨ | ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠪᠣᠯᠪᠠᠤ᠂ ᠬᠡᠷᠪᠡ ᠮᠠᠲ᠋ᠧᠷᠢᠶᠠᠯ ᠪᠠᠶᠢᠪᠠᠯ ᠬᠠᠭᠤᠷᠮᠠᠭ | ᠶᠠᠭᠤᠮ᠎ᠠ ᠵᠣᠬᠢᠶᠠᠵᠤ᠂ ᠮᠠᠨ ᠤ ᠲᠣᠪᠴᠢᠶ᠎ᠠ ᠰᠢᠭᠤᠳ ᠬᠠᠮᠲᠤᠷᠠᠯᠴᠠᠭ᠎ᠠ ᠪᠠᠨ ᠵᠣᠭᠰᠣᠭᠠᠬᠤ ᠶᠢᠨ ᠬᠠᠮᠲᠤ ᠬᠠᠮᠢᠶ᠎ᠠ | ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠲᠣᠰ ᠤᠳᠠᠭᠠᠨ ᠤ ᠰᠣᠩᠭᠤᠭᠰᠠᠨ ᠡᠴᠦᠰ ᠤᠨ ᠲᠠᠶᠢᠯᠪᠤᠷᠢᠯᠠᠬᠤ ᠡᠷᠬᠡ ᠶᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠥᠮᠴᠢᠯᠡᠨ᠎ᠡ᠃ | ᠳᠥᠷᠪᠡ᠂ ᠬᠠᠷᠢᠯᠴᠠᠬᠤ ᠠᠷᠭ᠎ᠠ | ᠰᠠᠨᠠᠮᠵᠢ ᠲᠠᠢ ᠺᠣᠮᠫᠠᠨᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠠᠮᠢᠶ᠎ᠠ ᠪᠥᠬᠦᠶ ᠬᠢᠷᠢ | ᠬᠡᠮ ᠤᠨ ᠪᠢᠴᠢᠭ ᠮᠠᠲ᠋ᠧᠷᠢᠶᠠᠯ ᠵᠡᠷᠭᠡ ᠮᠠᠲ᠋ᠧᠷᠢᠶᠠᠯ ᠢ ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ | ᠬᠠᠶ᠋ᠢᠭ᠄ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠮᠣ ᠠᠰᠠᠷ ᠤᠨ ᠵᠡᠭᠦᠨ 150 ᠮᠧᠳ᠋ᠷ | ᠬᠠᠷᠢᠯᠴᠠᠬᠤ ᠬᠥᠮᠥᠨ᠄ ᠷᠧᠨ ᠠᠪᠤᠭᠠᠢ | ᠬᠠᠷᠢᠯᠴᠠᠬᠤ ᠣᠳᠠᠰᠣ᠄ 15847446359 | ᠱᠠᠩᠳᠤ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ | 2025 ᠣᠨ ᠤ 3 ᠰᠠᠷ᠎ᠠ ᠶᠢᠨ 7 ᠤ ᠡᠳᠦᠷ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |