3 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭ᠎ᠠ ᠶᠢᠨ ᠬᠤᠷᠠᠯ ᠵᠢᠴᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ | ᠰᠢ ᠶᠢᠨ ᠫᠢᠩ ᠤᠨ ︽︿ᠬᠤᠶᠠᠷ ᠢ ᠭᠤᠶᠢᠪᠢᠰᠢ ᠦᠭᠡᠢ﹀ ᠭᠡᠬᠦ ᠵᠣᠬᠢᠶᠠᠯ︾ ᠤᠨ ᠵᠣᠷᠢᠭ ᠰᠠᠨᠠᠭ᠎ᠠ ᠶᠢ ᠪᠠᠷᠢᠮᠲᠠᠯᠠᠨ | ᠨᠠᠶᠢᠳᠠᠪᠤᠷᠢᠵᠢᠭᠤᠯᠪᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠮᠡᠳᠡᠭᠳᠡᠯ︾ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ | ᠣᠷᠣᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠥᠰᠥᠯ︾ ᠵᠢᠴᠢ ᠬᠤᠲᠠ᠂ ᠰᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ︾︔ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ︾ ᠵᠢᠴᠢ ︽ᠲᠥᠪ ᠤᠨ | ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ︾ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠡᠨᠡ ᠵᠢᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ | ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | ᠭᠤᠣᠯᠳᠠᠯᠭ᠎ᠠ ᠶᠢ ᠲᠤᠪᠤᠶᠢᠯᠭᠠᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠭᠦᠨᠵᠡᠭᠡᠢ ᠰᠤᠷᠤᠯᠴᠠᠵᠤ᠂ | ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠪᠣᠳᠠᠲᠠᠢ ᠪᠠᠶᠢᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠳᠠᠭᠠᠨ ᠴᠢᠩᠭ᠎ᠠ | ᠪᠠᠶᠢᠵᠤ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠢ ᠠᠮᠢᠳᠤᠯᠢᠭ ᠪᠣᠯᠭᠠᠵᠤ᠂ ᠪᠦᠯᠦᠭ ᠤᠳᠠᠭ᠎ᠠ ᠬᠤᠪᠢᠶᠠᠬᠤ | ᠦᠭᠡᠢ᠂ ᠱᠠᠳᠤ ᠬᠤᠪᠢᠶᠠᠬᠤ ᠦᠭᠡᠢ᠂ ᠳᠡᠭᠡᠳᠦ ᠲᠤᠤᠷᠠᠳᠤ ᠱᠠᠳᠤ ᠶᠢ ᠨᠡᠪᠲᠡᠷᠡᠭᠦᠯᠬᠦ ᠦᠭᠡᠢ᠂ ᠰᠤᠷᠤᠯᠴᠠᠯᠭ᠎ᠠ | ᠬᠥᠮᠦᠵᠢᠯ ᠢ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠲᠠᠢ ᠨᠢᠭᠡᠳᠦᠯᠲᠡᠢ ᠲᠥᠯᠥᠪᠵᠢᠭᠦᠯᠦᠨ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ | ᠰᠤᠷᠤᠯᠴᠠᠯᠭ᠎ᠠ ᠬᠥᠮᠦᠵᠢᠯ ᠪᠣᠯᠤᠨ ᠣᠨ ᠤ ᠭᠤᠣᠯᠳᠠᠯᠭ᠎ᠠ ᠲᠠᠢ ᠠᠵᠢᠯ ᠢ ᠣᠷᠭᠠᠨᠢᠭ ᠢᠶᠠᠷ ᠠᠭᠤᠰᠤᠯᠴᠠᠭᠤᠯᠬᠤ ᠶᠢ | ᠪᠡᠶᠡᠯᠡᠭᠦᠯᠬᠦ ᠬᠡᠷᠡᠭᠲᠡᠢ᠃ ᠰᠤᠷᠤᠯᠴᠠᠬᠤ᠂ ᠪᠠᠶᠢᠴᠠᠭᠠᠨ ᠳᠡᠯᠭᠡᠬᠦ᠂ ᠴᠡᠭᠴᠡᠯᠡᠨ ᠰᠠᠶᠢᠵᠢᠷᠠᠭᠤᠯᠬᠤ ᠶᠢ ᠨᠢᠭᠡ | ᠴᠤᠬᠴᠠᠵᠢᠭᠤᠯᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠡᠭᠦᠷᠭᠡ ᠶᠢ ᠡᠳᠦᠷ ᠲᠤᠳᠤᠮ ᠤᠨ ᠠᠵᠢᠯ ᠳᠤ | ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠠᠬᠢᠭᠤᠯᠵᠤ᠂ ᠰᠤᠷᠤᠯᠴᠠᠯᠭ᠎ᠠ ᠶᠢᠨ ᠶᠠᠰᠤ ᠴᠢᠨᠠᠷ ᠲᠠᠢ ᠪᠠᠶᠢᠬᠤ᠂ | ᠪᠠᠶᠢᠴᠠᠭᠠᠬᠤ ᠡᠷᠴᠢᠮ ᠲᠠᠢ ᠪᠠᠶᠢᠬᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠬᠤ ᠬᠡᠷᠡᠭᠲᠡᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |