3 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠲᠥᠪ ᠤᠨ | ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠳᠠᠯ ᠢ ᠳ᠋ᠦᠩᠨᠡᠨ | ᠵᠠᠳᠠᠯᠵᠤ᠂ 2025 ᠣᠨ ᠤ ᠪᠦᠬᠦ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠷᠠᠯᠲᠠ ᠶᠢ ᠲᠣᠭᠲᠠᠭᠠᠵᠤ᠂ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ | ᠪᠦᠬᠦ ᠲᠠᠯ᠎ᠠ ᠪᠠᠷ ᠰᠠᠶᠢᠲᠤᠷ ᠠᠳᠬᠤᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠲᠠᠷᠢᠶᠠᠨ | ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠶᠢ ᠶᠡᠬᠡᠪᠡᠷ ᠠᠬᠢᠭᠤᠯᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ | ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠪᠣᠯᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠲᠠᠷᠢᠶᠠᠨ | ᠭᠠᠵᠠᠷ ᠤᠨ ᠬᠠᠮᠠᠭᠠᠯᠠᠯᠲᠠ ᠪᠣᠯᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠪᠣᠳᠠᠲᠠᠢ ᠳᠤ ᠰᠠᠭᠤᠷᠢᠯᠠᠵᠤ᠂ ︽ᠨᠤᠲᠤᠭ ᠤᠨ ᠣᠨᠴᠠ ᠭᠠᠷᠤᠯᠲᠠ︾ ᠭᠡᠬᠦ ᠡᠨᠡᠬᠦ ᠲᠤᠮᠤ | ᠶᠠᠪᠤᠳᠠᠯ ᠢ ᠭᠦᠢᠴᠡᠳ ᠠᠮᠢᠳᠤᠯᠢᠭ ᠪᠣᠯᠭᠠᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ | ᠪᠤᠵᠠᠭᠠᠶᠢᠷᠠᠭᠤᠯᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠪᠦᠬᠦ ᠬᠡᠯᠬᠢᠶ᠎ᠡ ᠶᠢᠨ ᠲᠡᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠤᠯᠠᠨ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ | ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ | ᠤᠯᠠᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠪᠦᠬᠦ | ᠬᠦᠴᠦᠨ ᠢᠶᠠᠷ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ︽ᠤᠰᠤ ᠠᠷᠪᠢᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ | ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ | ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠠᠷᠪᠢᠯᠠᠬᠤ ᠠᠮᠤ ᠪᠤᠳᠠᠭ᠎ᠠ | ᠨᠡᠮᠡᠭᠳᠡᠭᠦᠯᠬᠦ ᠪᠠ ᠬᠤᠳᠠ ᠬᠥᠳᠡᠭᠡ ᠶᠢ ᠨᠢᠭᠡ ᠴᠤᠬᠴᠠᠵᠢᠭᠤᠯᠤᠨ ᠤᠰᠤ ᠬᠠᠩᠭᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠤᠰᠤ ᠠᠷᠪᠢᠯᠠᠬᠤ ᠠᠵᠢᠯ ᠤᠨ ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ ᠶᠢ | ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ︽ᠬᠤᠶᠠᠷ ᠵᠥᠪᠯᠡᠯ︾ ᠤᠨ ᠪᠠᠭ᠂ ᠲᠣᠰᠬᠤᠨ ᠳᠤ ᠰᠠᠭᠤᠭ᠎ᠠ | ︽ᠨᠢᠭᠡᠳᠦᠭᠡᠷ ᠱᠦᠵᠢ︾ ᠶᠢ ᠰᠢᠯᠢᠳᠡᠭ ᠢ ᠨᠢ ᠰᠣᠩᠭᠤᠨ ᠴᠢᠩᠭ᠎ᠠ ᠲᠣᠬᠢᠷᠠᠭᠤᠯᠵᠤ᠂ ᠲᠣᠰᠬᠤᠨ ᠤ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠬᠤ | ᠬᠡᠷᠡᠭᠲᠡᠶ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |