ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/11
   4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠬᠤᠷᠠᠯ ᠡᠷᠭᠢᠯᠡᠪᠡ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠼᠦᠢ ᠴᠢᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ᠂ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠣᠷᠣᠯᠴᠠᠪᠠ᠃    ᠨᠣᠮ ᠤᠩᠰᠢᠬᠤ ᠠᠩᠭᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠵᠡᠷᠭᠡ ᠶᠢ ᠨᠠᠷᠢᠨ ᠬᠢᠨᠠᠮᠠᠭᠠᠶ ᠰᠤᠳᠤᠯᠤᠨ ᠤᠩᠰᠢᠭᠰᠠᠨ ᠪᠥᠭᠡᠳ ᠲᠣᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠶᠠᠩ ᠸᠧᠨ ᠾᠦᠢ᠂ ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠢ ᠪᠡᠶ᠎ᠡ ᠪᠠᠷ ᠢᠶᠠᠨ ᠲᠥᠯᠥᠪᠵᠢᠭᠦᠯᠦᠨ ᠲᠣᠭᠲᠠᠭᠠᠵᠤ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠪᠠᠷ ᠡᠬᠢᠯᠡᠯᠲᠡ ᠶᠢᠨ ᠰᠡᠳᠦᠪ ᠢ ᠡᠬᠢᠯᠡᠭᠦᠯᠵᠦ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠴᠣ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠣᠯᠵᠠᠢ᠃    ᠶᠠᠩ ᠸᠧᠨ ᠾᠦᠢ᠂ ᠢᠮᠠᠭᠲᠠ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠤᠯᠤᠰ ᠲᠦᠷᠦ ᠶᠢᠨ ᠦᠨᠳᠦᠷᠴᠡ ᠠᠴᠠ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠤᠷᠤᠯᠴᠠᠯᠭ᠎ᠠ ᠬᠥᠮᠦᠵᠢᠯ ᠢᠶᠠᠷ ᠪᠠᠲᠤ ᠴᠢᠩᠭ᠎ᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠲᠠᠢ ᠨᠢᠭᠲᠠ ᠬᠠᠷᠢᠯᠴᠠᠬᠤ ᠪᠣᠳᠠᠲᠤ ᠠᠵᠢᠯᠯᠠᠭ᠎ᠠ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠲᠠᠢ ᠴᠢᠩᠭ᠎ᠠ ᠬᠠᠷᠭᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠤᠯᠠᠨ ᠲᠦᠮᠡᠨ ᠤ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠢᠮᠠᠭᠲᠠ ᠥᠪᠡᠷ ᠤᠨ ᠥᠨᠳᠥᠷ ᠪᠠᠷᠢᠮᠵᠢᠶ᠎ᠠ ᠪᠠᠷ᠂ ᠴᠢᠩᠭ᠎ᠠ ᠱᠠᠭᠠᠷᠳᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠬᠤᠷᠢᠭ᠎ᠠ ᠱᠤᠭᠤᠮ ᠤᠯᠠᠭᠠᠨ ᠱᠤᠭᠤᠮ ᠢ ᠰᠠᠶᠢᠲᠤᠷ ᠲᠣᠭᠲᠠᠭᠠᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠱᠠᠩᠳᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2