4 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ᠂ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠥᠪᠥᠷ ᠮᠣᠩᠭᠤᠯ ᠤᠨ ᠬᠤᠸᠠ | ᠳ᠋ᠢᠶᠠᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ | ᠮᠡᠳᠡᠭᠴᠢ ᠵᠠᠩ ᠺᠠᠢ ᠨᠠᠷ ᠲᠠᠢ ᠠᠵᠢᠯ ᠤᠨ ᠶᠠᠷᠢᠯᠴᠠᠬᠤ ᠬᠤᠷᠠᠯ ᠬᠢᠪᠡ᠃ ᠬᠤᠶᠠᠷ ᠲᠠᠯ᠎ᠠ ᠪᠠᠷ ᠢᠶᠠᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠵᠦᠢᠯᠡᠰ ᠤᠨ ᠲᠤᠬᠠᠢ ᠭᠦᠨᠵᠡᠭᠡᠢ ᠰᠣᠯᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠵᠠᠩ ᠺᠠᠢ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ | ᠬᠥᠭᠵᠢᠯᠲᠡ ᠶᠢᠨ ᠲᠥᠯᠥᠪᠵᠢᠭᠦᠯᠭᠡ ᠵᠢᠴᠢ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢᠨ ᠲᠤᠬᠠᠢ | ᠨᠠᠷᠢᠨ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠬᠤᠸᠠ ᠳ᠋ᠢᠶᠠᠨ ᠰᠢᠨ᠎ᠡ ᠡᠨᠧᠷᠭᠢ ᠶᠢᠨ ᠬᠤᠪᠢᠶᠠᠷᠢ | ᠺᠣᠮᠫᠠᠨᠢ ᠴᠡᠪᠡᠷ ᠡᠨᠧᠷᠭᠢ ᠶᠢᠨ ᠲᠦᠷᠦᠯ ᠵᠦᠢᠯ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠱᠠᠩᠳᠤ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢᠨ᠎ᠡ | ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠵᠤ | ᠦᠢᠯᠡᠰ ᠤᠨ ᠬᠡᠯᠬᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠱᠠᠩᠳᠤ ᠰᠢᠶᠠᠨ ᠤ ᠠᠵᠤ ᠠᠬᠤᠢ ᠶᠢᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠵᠦ ᠬᠡᠯᠡᠪᠡ᠃ | ᠶᠠᠩ ᠸᠧᠨ ᠾᠦᠢ ᠡᠩ ᠲᠡᠷᠢᠭᠦᠨ ᠳᠤ ᠵᠠᠩ ᠺᠠᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠬᠤᠸᠠ ᠳ᠋ᠢᠶᠠᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ | ᠮᠠᠨ ᠤ ᠰᠢᠶᠠᠨ ᠳᠤ ᠪᠡᠯᠡ ᠣᠷᠣᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ | ᠮᠠᠨ ᠤ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ︽ᠲᠠᠪᠤᠨ | ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ | ᠪᠣᠬᠢᠷᠲᠤᠯ ᠦᠭᠡᠢ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠣᠷᠣᠨ ᠵᠠᠢ ᠥᠷᠭᠡᠨ ᠠᠭᠤᠳᠠᠮ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠳᠠᠪᠠᠭᠤᠯᠢᠭ ᠵᠣᠯᠭᠠᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠠᠵᠠ | ᠲᠣᠬᠢᠶᠠᠯ ᠢ ᠡᠷᠢᠯᠬᠢᠯᠡᠵᠦ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ ᠮᠠᠨ ᠤ ᠰᠢᠶᠠᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠵᠦ ᠥᠭᠭᠦᠨ᠎ᠡ᠃ | ᠴᠢᠦ ᠵᠢᠶᠦ᠋ᠨ ᠵᠢᠶᠧ ᠬᠡᠯᠡᠬᠦ ᠳᠡᠭᠡᠨ᠂ ᠥᠪᠥᠷ ᠮᠣᠩᠭᠤᠯ ᠤᠨ ᠬᠤᠸᠠ ᠳ᠋ᠢᠶᠠᠨ ᠰᠢᠨ᠎ᠡ ᠡᠨᠧᠷᠭᠢ ᠶᠢᠨ ᠬᠤᠪᠢᠶᠠᠷᠢ | ᠺᠣᠮᠫᠠᠨᠢ ᠶᠢᠨ ᠱᠠᠩᠳᠤ ᠳᠠᠬᠢ ᠠᠩᠬᠠᠳᠠᠭᠴᠢ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠶᠡᠷᠦ ᠪᠤᠰᠤ ᠶᠢᠨ ᠠᠴᠢ | ᠬᠤᠯᠪᠣᠭᠳᠠᠯ ᠲᠠᠢ ᠶᠤᠮ᠂ ᠲᠣᠰ ᠲᠥᠷᠥᠯ ᠵᠦᠢᠯ ᠨᠢ ᠬᠤᠶᠠᠷ ᠲᠠᠯ᠎ᠠ ᠶᠢᠨ ᠭᠦᠨᠵᠡᠭᠡᠶ ᠬᠠᠮᠲᠤᠷᠠᠯᠴᠠᠭᠠᠨ ᠤ ᠭᠠᠷᠳᠠᠬᠤ | ᠴᠡᠭ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠥᠨᠳᠥᠷ | ᠪᠦᠲᠦᠮᠵᠢᠲᠡᠶ ᠪᠠᠷ ᠠᠬᠢᠭᠤᠯᠬᠤ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠮᠥᠷᠳᠡᠨ ᠦᠢᠯᠡᠴᠢᠯᠡᠵᠦ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ | ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ | ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠱᠠᠩᠳᠤ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠭᠤᠸᠠᠩ ᠣᠷᠣᠯᠴᠠᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |