ᠦᠢᠯᠡᠴᠢᠯᠡᠬᠦ ᠳ᠋ᠦᠢᠰᠢᠶᠠᠩ | ᠪᠠᠶᠢᠭᠠᠯᠢ ᠬᠦᠮᠦᠨ᠂ ᠠᠵᠢᠯ ᠦᠢᠯᠡᠰ ᠤᠨ ᠬᠠᠤᠯᠢ ᠶᠢᠨ ᠡᠷᠭᠡᠳᠡᠨ᠂ ᠠᠵᠤ ᠠᠬᠤᠶᠢᠯᠠᠯ ᠤᠨ ᠬᠠᠤᠯᠢ ᠶᠢᠨ | ᠡᠷᠭᠡᠳᠡᠨ | ᠰᠢᠢᠳᠪᠦᠷᠢᠯᠡᠬᠦ ᠬᠡᠯᠪᠡᠷᠢ | ᠴᠣᠩᠬᠤᠪᠴᠢ ᠪᠠᠷ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ | ᠠᠰᠠᠭᠤᠨ ᠯᠠᠪᠯᠠᠬᠤ ᠤᠲᠠᠰᠤ | 18747490606,0474-12345 | ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ | 0474-12345 | ᠬᠡᠷᠡᠭᠵᠢᠭᠦᠯᠬᠦ ᠪᠡᠶᠡᠴᠢ ᠴᠣᠭᠴᠠ ᠪᠣᠯᠬᠤ ᠱᠠᠩᠳᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | ᠱᠠᠩᠳᠤ ᠰᠢᠶᠠᠨ ᠤ ᠴᠢ ᠲᠠᠢ ᠪᠠᠯᠭᠠᠰᠤᠨ ᠤ ᠨᠢᠩ ᠾᠧ ᠵᠠᠮ ᠤᠨ ᠨᠠᠮ ᠵᠠᠰᠠᠭ ᠤᠨ ᠪᠠᠷᠠᠭᠤᠨ ᠠᠰᠠᠷ ︵ | ᠶᠡᠷᠦᠩᠬᠡᠶᠢᠯᠡᠭᠰᠡᠨ ᠠᠰᠠᠷ︶ ᠤᠨ 2 ᠳ᠋ᠤᠭᠠᠷ ᠠᠰᠠᠷ ᠤᠨ 205 ᠲᠠᠰᠤᠭ | ᠭᠦᠢᠴᠡᠳᠭᠡᠬᠦ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ | 00-12᠄ 00᠂ ᠦᠳᠡ ᠶᠢᠨ ᠬᠤᠶᠢᠨ᠎ᠠ 14᠄ 30-1800 | ᠪᠠᠶᠢᠷᠢᠯᠠᠭᠤᠯᠤᠭᠰᠠᠨ ᠦᠨᠳᠦᠰᠦ ᠪᠠᠷᠢᠮᠲᠠ | 【 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ︵2021 | ᠣᠨ ᠤ 3 ᠳ᠋ᠤᠭᠠᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠲᠠᠪᠤᠳᠤᠭᠠᠷ ᠬᠤᠷᠠᠯᠳᠤᠭᠠᠨ ᠠᠴᠠ ᠪᠠᠲᠤᠯᠠᠵᠤ᠂ 2021 ᠣᠨ ᠤ 6 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ | ᠠᠷᠪᠠᠨ ᠨᠠᠶ᠋ᠮᠠᠳᠤᠭᠠᠷ ᠵᠦᠢᠯ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠪᠠ ᠡᠷᠬᠡ ᠣᠯᠭᠤᠨ ᠪᠠᠶᠢᠴᠠᠭᠠᠨ ᠯᠠᠪᠯᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠲᠡᠯᠡᠬᠦ ᠬᠡᠷᠡᠭᠲᠡᠶ᠃ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠢᠯᠡ ᠨᠡᠶᠢᠲᠡᠯᠡᠬᠦ ᠬᠡᠷᠡᠭᠲᠡᠶ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠠᠵᠢᠯ ᠤᠨ ᠪᠠᠶᠢᠭᠤᠯᠤᠮᠵᠢ ᠠᠴᠠ ᠢᠯᠡ ᠪᠠᠷ ᠨᠡᠶᠢᠲᠡᠯᠡᠬᠦ ᠬᠡᠷᠡᠭᠲᠡᠶ᠃ | ᠲᠥᠷᠥ ᠶᠢᠨ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠢ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠡᠷᠡᠭᠯᠡᠭᠰᠡᠨ ᠪᠠᠶᠢᠪᠠᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠠᠷᠭ᠎ᠠ | ᠮᠠᠶ᠋ᠢᠭ ᠢᠶᠠᠷ ᠣᠯᠵᠤ ᠪᠣᠯᠤᠨ᠎ᠠ᠃ | ᠮᠡᠳᠡᠭᠡ ᠵᠠᠩᠭᠢ ᠶᠢᠨ ᠭᠤᠤᠯ ᠴᠣᠭᠴᠠ ᠨᠢ ᠲᠤᠰ ᠪᠡᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠᠨ ᠪᠠᠶᠢᠴᠠᠭᠠᠨ | ᠯᠠᠪᠯᠠᠬᠤ ᠡᠷᠬᠡ ᠲᠠᠢ᠃ ᠮᠡᠳᠡᠭᠡ ᠵᠠᠩᠭᠢ ᠶᠢᠨ ᠭᠤᠤᠯ ᠴᠣᠭᠴᠠ ᠠᠴᠠ ᠡᠷᠬᠡ ᠣᠯᠭᠤᠬᠤ ᠪᠠᠷ ᠳᠠᠮᠵᠢᠨ᠂ ᠮᠡᠳᠡᠭᠡ | ᠵᠠᠩᠭᠢ ᠶᠢᠨ ᠭᠤᠤᠯ ᠴᠣᠭᠴᠠ ᠶᠢᠨ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠃ | ᠠᠷᠪᠠ ᠶᠢᠰᠦᠳᠦᠭᠡᠷ ᠵᠦᠢᠯ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ | ᠪᠠᠶᠢᠭᠤᠯᠤᠮᠵᠢ ᠨᠤᠭᠤᠳ ᠮᠡᠳᠡᠭᠡ ᠵᠠᠩᠭᠢ ᠨᠡᠶᠢᠲᠡᠯᠡᠬᠦ ᠦᠢᠯᠡᠴᠢᠯᠡᠭᠡᠨ ᠤ ᠵᠢᠷᠤᠮᠵᠢᠯ ᠲᠣᠭᠲᠠᠭᠠᠵᠤ᠂ ᠦᠢᠯᠡᠴᠢᠯᠡᠭᠡᠨ ᠤ | ᠴᠣᠩᠬᠤᠪᠴᠢ᠂ ᠨᠧᠲ ᠲᠠᠪᠴᠠᠩ᠂ ᠰᠢᠯᠵᠢᠮᠡᠯ ᠦᠵᠦᠭᠦᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ | ᠵᠠᠩᠭᠢ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠪᠠ ᠡᠷᠬᠡ | ᠣᠯᠭᠤᠵᠤ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠶ᠃ | ᠮᠡᠳᠡᠭᠡ ᠵᠠᠩᠭᠢ ᠶᠢᠨ ᠭᠤᠤᠯ ᠴᠣᠭᠴᠠ ᠨᠢ ᠲᠤᠰ ᠪᠡᠶ᠎ᠡ ᠶᠢᠨ ᠢᠯᠡ ᠪᠤᠰᠤ ᠢᠲᠡᠭᠡᠮᠵᠢ ᠶᠢᠨ ᠮᠡᠳᠡᠭᠡ ᠵᠠᠩᠭᠢ ᠪᠠᠨ | ᠪᠠᠶᠢᠴᠠᠭᠠᠨ ᠯᠠᠪᠯᠠᠬᠤ ᠳᠤ ᠬᠦᠴᠦᠨ ᠪᠦᠬᠦᠢ ᠪᠡᠶ᠎ᠡ ᠶᠢᠨ ᠭᠡᠷᠡᠴᠢ ᠬᠠᠩᠭᠠᠬᠤ ᠬᠡᠷᠡᠭᠲᠡᠶ᠃ ᠡᠷᠬᠡ ᠣᠯᠭᠤᠵᠤ | ᠪᠠᠶᠢᠴᠠᠭᠠᠨ ᠯᠠᠪᠯᠠᠬᠤ ᠳᠤ ᠬᠦᠷᠪᠡᠯ ᠪᠢᠴᠢᠭ ᠢᠶᠠᠷ ᠡᠷᠬᠡ ᠣᠯᠭᠤᠭᠰᠠᠨ ᠭᠡᠷᠡᠴᠢ ᠵᠢᠴᠢ ᠡᠷᠬᠡ ᠣᠯᠭᠤᠭᠰᠠᠨ ᠬᠥᠮᠦᠨ | ᠪᠠ ᠣᠯᠭᠤᠭᠰᠠᠨ ᠬᠥᠮᠦᠨ ᠤ ᠬᠦᠴᠦᠨ ᠪᠥᠬᠦᠶ ᠪᠡᠶ᠎ᠡ ᠶᠢᠨ ᠭᠡᠷᠡᠴᠢ ᠶᠢ ᠬᠠᠩᠬᠠᠬᠤ ᠬᠡᠷᠡᠭᠲᠡᠢ |