ᠰᠢᠶᠠᠨ ᠤ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/2
   4 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠲᠣᠭᠤᠷᠢᠭ ᠤᠨ ᠬᠤᠳᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ᠂ ᠪᠦᠬᠦ ᠰᠢᠶᠠᠨ ᠤ ᠵᠠᠩ ᠳᠠᠳᠬᠠᠯ ᠢ ᠥᠭᠡᠷᠡᠴᠢᠯᠡᠬᠦ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠵᠦ᠂ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠵᠠᠭᠤᠴᠢᠯᠠᠭᠤᠷ ᠤᠨ ᠤᠬᠠᠭᠤᠯᠭ᠎ᠠ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠵᠠᠷᠯᠠᠨ ᠮᠡᠳᠡᠭᠳᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠂ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠭᠤᠯᠵᠤ᠂ ᠴᠡᠭᠴᠡᠯᠡᠨ ᠵᠠᠰᠠᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠵᠤ᠂ ᠴᠡᠪᠡᠷ ᠴᠡᠮᠴᠡᠭᠡᠷ᠂ ᠡᠷᠡᠭᠦᠯ ᠰᠠᠷᠠᠭᠤᠯ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃    ᠬᠤᠷᠠᠯ ᠠᠴᠠ᠂ ᠵᠠᠩ ᠳᠠᠳᠬᠠᠯ ᠢ ᠥᠭᠡᠷᠡᠴᠢᠯᠡᠬᠦ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ ᠵᠠᠩ ᠳᠠᠳᠬᠠᠯ ᠢ ᠥᠭᠡᠷᠡᠴᠢᠯᠡᠬᠦ ᠠᠵᠢᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ ᠵᠠᠩᠭᠢᠯᠠᠭ᠎ᠠ ᠶᠢ ᠴᠢᠩᠭ᠎ᠠ ᠠᠳᠬᠤᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠦᠷᠭᠦᠯᠵᠢᠯᠡᠨ ᠴᠢᠩᠭᠠᠳᠬᠠᠵᠤ᠂ ᠥᠨᠳᠥᠷ ᠦᠨ᠎ᠡ ᠪᠠᠷ ᠪᠣᠭᠤᠰᠬᠠᠨ ᠪᠡᠯᠡᠭ ᠥᠭᠬᠦ᠂ ᠨᠠᠶᠢᠷ ᠲᠠᠯ᠎ᠠ ᠶᠢ ᠠᠳᠠᠯᠢᠳᠬᠠᠬᠤ᠂ ᠶᠡᠬᠡᠪᠡᠷ ᠬᠢᠵᠦ ᠶᠡᠬᠡᠪᠡᠷ ᠡᠷᠬᠢᠯᠡᠬᠦ᠂ ᠱᠠᠯᠢᠨ ᠪᠦᠷᠢᠯᠭᠡᠬᠦ᠂ ᠮᠠᠭᠤ ᠵᠠᠩᠰᠢᠯ ᠲᠠᠢ ᠤᠷᠤᠭᠯᠠᠬᠤ ᠵᠡᠷᠭᠡ ᠲᠤᠪᠤᠶᠢᠮ᠎ᠠ ᠠᠰᠠᠭᠤᠳᠠᠯ ᠤᠨ ᠲᠣᠭᠤᠷᠢᠨ ᠳᠤ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ᠂ ᠥᠷᠭᠡᠨ ᠪᠦᠷᠬᠦᠴᠡ ᠲᠠᠢ᠂ ᠬᠠᠨᠳᠤᠯᠭᠠᠲᠤ ᠴᠢᠨᠠᠷᠲᠠᠢ ᠤᠬᠠᠭᠤᠯᠤᠨ ᠬᠦᠳᠦᠯᠦᠨ ᠵᠢᠯᠣᠭᠤᠳᠬᠤ ᠶᠢ ᠥᠷᠨᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠰᠢᠶᠠᠨ ᠤ ᠨᠡᠶᠢᠭᠡᠮ ᠤᠨ ᠴᠢᠬᠡᠴᠢ ᠰᠤᠷᠲᠠᠯ᠂ ᠪᠣᠯᠪᠠᠰᠤᠨ ᠨᠤᠲᠤᠭ ᠤᠨ ᠰᠤᠷᠲᠠᠯ᠂ ᠡᠶ᠎ᠡ ᠵᠣᠬᠢᠴᠠᠩᠭᠤᠢ ᠠᠷᠠᠳ ᠤᠨ ᠰᠤᠷᠲᠠᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2