ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠬᠦᠷᠦᠯᠴᠡᠬᠦ ᠥᠬᠡᠶ ᠵᠢᠴᠢ ᠥᠮᠴᠢᠲᠡᠨ ᠤ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠡᠵᠡᠯᠡᠭᠰᠡᠨ ᠵᠡᠷᠭᠡ ᠠᠰᠠᠭᠤᠳᠠᠯ ᠤᠨ ᠰᠦᠪᠡᠭᠴᠢ ᠶᠢ ᠢᠯᠡ ᠪᠠᠷ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/4/21
 ᠳᠡᠭᠡᠳᠦ ᠱᠠᠲᠤᠨ ᠤ ᠰᠠᠯᠠᠭ᠎ᠠ ᠮᠥᠴᠢᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠱᠠᠩᠳᠤ ᠰᠢᠶᠠᠨ ᠤ ᠭᠡᠷ ᠬᠥᠷᠥᠩᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠭᠡᠭᠰᠡᠨ ᠢᠶᠠᠷ ᠬᠦᠷᠦᠯᠴᠡᠬᠦ ᠥᠬᠡᠶ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠡᠯ᠎ᠡ ᠠᠳᠠᠯ ᠠᠬᠤᠶ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠥᠮᠴᠢᠲᠡᠨ ᠠᠴᠠ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠤᠭᠯᠠᠭᠤᠯᠤᠨ᠎ᠠ᠂ ᠪᠣᠳᠠᠲᠠᠶ ᠵᠠᠷᠯᠠᠶ᠎ᠠ᠄    ᠨᠢᠭᠡ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ᠬᠡᠪᠴᠢᠶ᠎ᠡ ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠭᠡᠭᠰᠡᠨ ᠢᠶᠠᠷ ᠪᠣᠲᠠᠲᠠᠶᠢᠵᠢᠭᠤᠯᠤᠭᠰᠠᠨ ᠦᠭᠡᠢ ᠠᠰᠠᠭᠤᠳᠠᠯ 1. ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠦᠢᠯᠡᠴᠢᠯᠡᠭᠡ ᠬᠠᠩᠭᠠᠭᠰᠠᠨ ᠦᠭᠡᠢ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠭᠡᠷ᠎ᠡ ᠳᠤ ᠪᠣᠯᠵᠣᠵᠤ ᠲᠣᠭᠲᠠᠭᠰᠠᠨ ᠠᠭᠤᠯᠭ᠎ᠠ᠂ ᠪᠠᠷᠢᠮᠵᠢᠶ᠎ᠠ ᠪᠠ ᠠᠳᠠᠯ ᠠᠬᠤᠶ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠦᠯᠦ ᠵᠢᠷᠤᠮᠯᠠᠨ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠠᠷᠢᠭᠤᠨ ᠴᠡᠪᠡᠷ᠂ ᠨᠣᠭᠤᠭᠠᠷᠠᠭᠤᠯᠬᠤ ᠪᠠ ᠡᠵᠡᠩᠨᠡᠨ ᠬᠠᠮᠢᠶᠠᠷᠴᠤ ᠪᠠᠶᠢᠭ᠎ᠠ ᠠᠳᠠᠯ ᠠᠬᠤᠶ ᠶᠢᠨ ᠦᠢᠯᠡᠴᠢᠯᠡᠭᠡᠨ ᠤ ᠣᠷᠣᠨ ᠤ ᠳᠣᠲᠣᠷᠠᠬᠢ ᠥᠮᠴᠢᠲᠡᠨ ᠤ ᠬᠠᠮᠲᠤ ᠶᠢᠨ ᠥᠮᠴᠢᠯᠡᠬᠦ ᠬᠡᠰᠡᠭ ᠢ ᠲᠣᠬᠢᠲᠠᠶ ᠰᠡᠯᠪᠢᠨ ᠵᠠᠰᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠣᠷᠣᠨ ᠤ ᠳᠣᠲᠣᠷᠠᠬᠢ ᠦᠨᠳᠦᠰᠦᠨ ᠡᠮᠬᠢ ᠵᠢᠷᠤᠮ ᠢ ᠬᠠᠮᠠᠭᠠᠯᠠᠭᠠᠳ᠂ ᠵᠦᠢ ᠵᠣᠬᠢᠰᠲᠠᠶ ᠠᠷᠭ᠎ᠠ ᠬᠡᠮᠵᠢᠶ᠎ᠡ ᠠᠪᠤᠭᠰᠠᠨ ᠦᠭᠡᠶ ᠪᠠᠷ ᠥᠮᠴᠢᠲᠡᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠶᠢ ᠬᠠᠮᠠᠭᠠᠯᠠᠨ᠎ᠠ᠃ 2. ᠮᠡᠳᠡᠭᠡ ᠵᠠᠩᠭᠢ ᠶᠢ ᠢᠯᠡ ᠪᠣᠯᠭᠠᠬᠤ ᠪᠠ ᠮᠡᠳᠡᠭᠦᠯᠬᠦ ᠡᠭᠦᠷᠭᠡ ᠪᠠᠨ ᠭᠦᠢᠴᠡᠳᠬᠡᠭᠰᠡᠨ ᠦᠭᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠲᠠᠪᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠲᠥᠷᠥᠯ ᠵᠦᠢᠯ ᠤᠨ ᠬᠠᠷᠢᠭᠤᠴᠠᠯᠭᠠᠲᠠᠨ ᠤ ᠦᠨᠳᠦᠰᠦᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ᠂ ᠠᠳᠠᠯ ᠠᠬᠤᠶ ᠶᠢᠨ ᠵᠠᠭᠠᠯᠳᠤᠯᠭ᠎ᠠ ᠶᠢᠨ ᠳ᠋ᠢᠶᠠᠩᠬᠤᠸᠠ᠂ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠠᠷᠭ᠎ᠠ ᠮᠠᠶ᠋ᠢᠭ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠤ ᠡᠷᠬᠡ ᠠᠰᠢᠭ ᠪᠠ ᠡᠭᠦᠷᠭᠡ᠂ ᠴᠠᠬᠢᠯᠭᠠᠨ ᠱᠠᠲᠤ᠂ ᠭᠠᠯ ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠲᠤᠰᠬᠠᠶ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠢᠭᠡᠴᠢ ᠶᠢᠨ ᠨᠡᠷᠡᠶᠢᠳᠦᠯ᠂ ᠬᠢᠷᠢ ᠬᠡᠮ᠂ ᠬᠠᠷᠢᠯᠴᠠᠬᠤ ᠠᠷᠭ᠎ᠠ ᠮᠠᠶ᠋ᠢᠭ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ᠂ ᠥᠮᠴᠢᠲᠡᠨ ᠠᠳᠠᠯ ᠠᠬᠤᠶ ᠶᠢᠨ ᠦᠢᠯᠡᠴᠢᠯᠡᠭᠡᠨ ᠤ ᠵᠠᠷᠤᠳᠠᠯ᠂ ᠣᠯᠠᠨ ᠨᠡᠶᠢᠲᠡ ᠶᠢᠨ ᠤᠰᠤ ᠴᠠᠬᠢᠯᠭᠠᠨ ᠤ ᠲᠡᠰᠬᠡᠨ ᠨᠣᠭᠳᠠᠭᠤᠯᠤᠭᠰᠠᠨ ᠵᠠᠷᠤᠳᠠᠯ ᠢ ᠲᠤᠰᠢᠶᠠᠭᠰᠠᠨ ᠪᠠᠶᠢᠳᠠᠯ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ᠂ ᠠᠳᠠᠯ ᠠᠬᠤᠶ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠶᠢᠨ ᠣᠯᠤᠭᠰᠠᠨ ᠠᠰᠢᠭ ᠣᠷᠣᠯᠭ᠎ᠠ᠂ ᠬᠡᠷ ᠪᠠᠶᠢᠰᠢᠩ ᠵᠠᠰᠠᠵᠤ ᠴᠢᠮᠡᠭᠯᠡᠬᠦ ᠵᠢᠴᠢ ᠬᠡᠷᠡᠭᠯᠡᠬᠦ ᠶᠠᠪᠤᠴᠠ ᠳᠠᠬᠢ ᠪᠦᠲᠦᠴᠡ ᠶᠢᠨ ᠬᠤᠪᠢᠷᠠᠯᠲᠠ ᠵᠡᠷᠭᠡ ᠠᠭᠤᠯᠭ᠎ᠠ ᠶᠢ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠶ ᠣᠷᠣᠨ ᠪᠠᠶᠢᠷᠢ ᠳᠤ ᠢᠯᠡ ᠨᠡᠶᠢᠲᠡᠯᠡᠪᠡ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠭᠡᠷ᠎ᠡ ᠳᠤ ᠪᠣᠯᠵᠣᠨ ᠲᠣᠭᠲᠠᠭᠰᠠᠨ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠠᠵᠤ ᠠᠬᠤᠶᠢᠯᠠᠯ ᠪᠠ ᠬᠤᠪᠢ ᠬᠥᠮᠦᠨ ᠳᠤ ᠮᠡᠳᠡᠭᠳᠡᠭᠰᠡᠨ ᠦᠭᠡᠶ ᠦᠢᠯᠡ ᠠᠵᠢᠯᠯᠠᠭ᠎ᠠ ᠪᠠ ᠠᠩᠬᠠᠷᠬᠤ ᠵᠦᠢᠯ ᠵᠢᠴᠢ ᠭᠡᠷ ᠪᠠᠶᠢᠰᠢᠩ ᠤᠨ ᠠᠮᠤᠷ ᠲᠦᠪᠰᠢᠨ ᠬᠢᠭᠡᠳ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠴᠠᠭ ᠲᠤᠬᠠᠶ ᠳᠤᠨᠢ ᠢᠳᠬᠠᠨ ᠬᠤᠷᠢᠭᠯᠠᠵᠤ ᠬᠤᠷᠢᠭᠯᠠᠨ ᠵᠣᠭᠰᠣᠭᠠᠭᠰᠠᠨ ᠦᠭᠡᠶ ᠪᠠ ᠬᠤᠷᠢᠭᠯᠠᠨ ᠵᠣᠭᠰᠣᠭᠠᠵᠤ᠂ ᠢᠳᠬᠠᠵᠤ ᠬᠤᠷᠢᠭᠯᠠᠭᠰᠠᠨ ᠨᠢ ᠬᠦᠴᠦᠨ ᠦᠭᠡᠶ ᠪᠣᠯ᠂ ᠵᠡᠭᠡᠯᠢ ᠭᠤᠳᠤᠮᠵᠢ ᠶᠢᠨ ᠠᠯᠪᠠᠨ ᠭᠡᠷ ᠪᠤᠶᠤ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠭᠰᠡᠨ ᠦᠭᠡᠶ᠃ 3. ᠠᠲᠠᠯ᠎ᠠ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠡᠭᠦᠷᠭᠡ ᠪᠠᠨ ᠭᠦᠢᠴᠡᠳᠭᠡᠭᠰᠡᠨ ‍ᠦᠭᠡᠢ᠃ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠵᠣᠭᠰᠣᠭᠠᠭᠰᠠᠨ ᠪᠠᠶᠢᠪᠠᠯ᠂ ᠤᠤᠯ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠪᠣᠯᠵᠣᠨ ᠲᠣᠭᠲᠠᠭᠰᠠᠨ ᠬᠤᠭᠤᠴᠠᠭ᠎ᠠ ᠪᠤᠶᠤ ᠵᠦᠢ ᠵᠣᠬᠢᠰᠲᠠᠶ ᠬᠤᠭᠤᠴᠠᠭᠠᠨ ᠳᠣᠲᠣᠷ᠎ᠠ ᠠᠳᠠᠯ ᠠᠬᠤᠶ ᠶᠢᠨ ᠦᠢᠯᠡᠴᠢᠯᠡᠭᠡᠨ ᠤ ᠭᠡᠷ ᠠᠴᠠ ᠤᠬᠤᠷᠢᠨ ᠭᠠᠷᠴᠤ᠂ ᠠᠳᠠᠯ ᠠᠬᠤᠶ ᠶᠢᠨ ᠦᠢᠯᠡᠴᠢᠯᠡᠭᠡᠨ ᠤ ᠭᠡᠷ ᠪᠠᠶᠢᠰᠢᠩ ᠂ ᠬᠠᠮᠢᠶ᠎ᠠ ᠪᠦᠬᠦᠢ ᠪᠡᠯᠡᠳᠬᠡᠮᠵᠢ᠂ ᠠᠳᠠᠯ ᠠᠬᠤᠶ ᠶᠢᠨ ᠦᠢᠯᠡᠴᠢᠯᠡᠭᠡᠨ ᠤ ᠴᠢᠬᠤᠯᠠ ᠪᠦᠬᠦᠢ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠶᠢ ᠥᠮᠴᠢᠲᠡᠨ ᠤ ᠵᠥᠪᠯᠡᠯ ᠳᠤ ᠪᠤᠴᠠᠭᠠᠭᠰᠠᠨ ᠦᠭᠡᠶ᠂ ᠥᠪᠡᠷ ᠢᠶᠠᠨ ᠬᠠᠮᠢᠶᠠᠷᠬᠤ ᠪᠠᠷ ᠲᠣᠭᠲᠠᠭᠠᠭᠰᠠᠨ ᠥᠮᠴᠢᠲᠡᠨ ᠪᠤᠶᠤ ᠲᠡᠭᠦᠨ ᠤ ᠵᠢᠭᠠᠨ ᠲᠣᠭᠲᠠᠭᠠᠭᠰᠠᠨ ᠬᠠᠮᠢᠶᠠᠷᠤᠭᠴᠢ ᠳᠤ ᠲᠤᠰᠢᠶᠠᠵᠤ᠂ ᠰᠢᠨ᠎ᠡ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠠᠵᠤ ᠠᠬᠤᠶᠢᠯᠠᠯ ᠲᠠᠢ ᠬᠠᠮᠵᠢᠯᠴᠠᠨ ᠲᠤᠰᠢᠶᠠᠵᠤ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠠᠳᠠᠯ ᠠᠬᠤᠶ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠪᠠᠶᠢᠳᠠᠯ ᠵᠡᠷᠭᠡ ᠶᠢ ᠦᠨᠡᠨ ᠪᠣᠳᠠᠲᠠᠶ ᠪᠠᠷ ᠮᠡᠳᠡᠭᠳᠡᠭᠰᠡᠨ ᠦᠭᠡᠶ᠃    ︵ᠬᠤᠶᠠᠷ ᠲᠤ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠬᠤᠬᠢᠷᠠᠭᠤᠯᠤᠭᠰᠠᠨ ᠠᠰᠠᠭᠤᠳᠠᠯ 1. ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠰᠠᠭᠤᠷᠢ ᠲᠤᠭ᠎ᠠ ᠨᠢ ᠲᠣᠳᠣᠷᠬᠠᠶ ᠥᠬᠡᠶ᠂ ᠬᠠᠮᠢᠶᠠᠷᠤᠯᠲᠠ ᠨᠢ ᠵᠢᠷᠤᠮᠵᠢᠯ ᠥᠬᠡᠶ ᠪᠠᠶᠢᠨ᠎ᠠ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠣᠨᠣᠪᠴᠢᠲᠠᠶ ᠪᠦᠷᠢᠳᠬᠡᠭᠰᠡᠨ ᠥᠬᠡᠶ ᠪᠠ ᠲᠡᠮᠳᠡᠭᠯᠡᠭᠰᠡᠨ ᠥᠬᠡᠶ᠂ ᠣᠯᠤᠭᠰᠠᠨ ᠠᠰᠢᠭ ᠣᠷᠣᠯᠭ᠎ᠠ ᠨᠢ ᠲᠤᠰᠠᠭᠠᠷ ᠲᠠᠩᠰᠠ ᠪᠠᠶᠢᠭᠤᠯᠤᠭᠰᠠᠨ ᠥᠬᠡᠶ᠂ ᠲᠤᠰᠬᠠᠶ ᠡᠷᠦᠬᠡ ᠪᠠᠶᠢᠭᠤᠯᠤᠭᠰᠠᠨ ᠠᠴᠠ ᠪᠣᠯᠵᠣ ᠲᠠᠩᠰᠠ ᠡᠷᠦᠬᠡ ᠡᠮᠬᠢ ᠵᠠᠮᠪᠠᠷᠠᠭ᠎ᠠ ᠥᠬᠡᠶ᠂ ᠢᠯᠡ ᠪᠣᠯᠭᠠᠭᠰᠠᠨ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠮᠡᠳᠡᠭᠡ ᠵᠠᠩᠭᠢ ᠨᠢ ᠨᠠᠷᠢᠨ ᠲᠣᠳᠣᠷᠬᠠᠶ ᠥᠬᠡᠶ᠂ ᠦᠨᠡᠨ ᠪᠣᠳᠠᠲᠠᠶ ᠪᠢᠰᠢ ᠨᠢᠭᠤᠬᠤ᠂ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠬᠠᠭᠤᠷᠮᠠᠭ ᠢᠶᠠᠷ ᠮᠡᠳᠡᠭᠦᠯᠬᠦ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠨ᠎ᠠ᠃ 2. ᠬᠤᠷᠢᠶᠠᠯᠠᠯ ᠤᠨ ᠣᠯᠠᠨ ᠨᠡᠶᠢᠲᠡ ᠶᠢᠨ ᠪᠠᠶᠢᠷᠢ ᠶᠢ ᠳᠤᠷ᠎ᠠ ᠪᠠᠷ ᠢᠶᠠᠨ ᠠᠰᠢᠭᠯᠠᠵᠤ ᠡᠵᠡᠩᠨᠡᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠬᠠᠮᠢᠶ᠎ᠠ ᠪᠥᠬᠦᠶ ᠥᠮᠴᠢᠲᠡᠨ᠂ ᠥᠮᠴᠢᠲᠡᠨ ᠤ ᠶᠡᠭᠡ ᠬᠤᠷᠠᠯ ᠢᠶᠠᠷ ᠵᠥᠪᠰᠢᠶᠡᠷᠡᠭᠦᠯᠦᠭᠡᠳᠦᠶ᠂ ᠵᠢᠵᠢᠭ ᠲᠣᠭᠤᠷᠢᠭ ᠤᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠳᠤᠷ᠎ᠠ ᠪᠠᠷ ᠢᠶᠠᠨ ᠠᠰᠢᠭᠯᠠᠨ ᠡᠵᠡᠩᠨᠡᠵᠦ᠂ ᠥᠮᠴᠢᠲᠡᠨ ᠤ ᠬᠠᠮᠲᠤ ᠶᠢᠨ ᠵᠠᠮ ᠪᠤᠶᠤ ᠪᠤᠰᠤᠳ ᠲᠠᠯᠠᠪᠤᠷ ᠭᠠᠵᠠᠷ ᠢ ᠳᠤᠷ᠎ᠠ ᠪᠠᠷ ᠢᠶᠠᠨ ᠡᠵᠡᠯᠡᠨ ᠡᠵᠡᠩᠨᠡᠯᠲᠡ ᠶᠢᠨ ᠠᠰᠢᠭ ᠣᠯᠵᠠᠪᠤᠷᠢ ᠣᠯᠵᠤ᠂ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢ ᠳᠤᠷ᠎ᠠ ᠪᠠᠷ ᠢᠶᠠᠨ ᠠᠰᠢᠭᠯᠠᠨ ᠡᠵᠡᠩᠨᠡᠯᠲᠡ ᠶᠢᠨ ᠴᠢᠨᠠᠷᠲᠠᠶ ᠵᠠᠷ ᠮᠡᠳᠡᠭᠡ ᠲᠠᠯᠪᠢᠵᠤ᠂ ᠠᠳᠠᠯ ᠠᠬᠤᠶ ᠶᠢᠨ ᠬᠠᠮᠢᠶᠠᠷᠤᠯᠲᠠ ᠳᠤ ᠬᠡᠷᠡᠭᠯᠡᠬᠦ ᠬᠡᠷ ᠪᠠᠶᠢᠰᠢᠩ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠠᠰᠢᠭᠯᠠᠨ ᠡᠵᠡᠩᠨᠡᠯᠲᠡ ᠶᠢᠨ ᠠᠰᠢᠭ ᠣᠷᠣᠯᠭ᠎ᠠ ᠵᠡᠷᠭᠡ ᠪᠣᠯᠤᠨ᠎ᠠ᠃ 3. ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢᠶᠠᠨ ᠢᠯᠡ ᠨᠡᠶᠢᠲᠡᠯᠡᠭᠰᠡᠨ ᠦᠭᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠵᠢᠵᠢᠭ ᠲᠣᠭᠤᠷᠢᠭ ᠤᠨ ᠬᠠᠮᠲᠤ ᠶᠢᠨ ᠣᠷᠣᠨ ᠪᠠᠶᠢᠷᠢ᠂ ᠬᠠᠮᠲᠤ ᠶᠢᠨ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠠᠴᠠ ᠪᠣᠯᠤᠭᠰᠠᠨ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ ᠨᠠᠷᠢᠨ ᠵᠦᠢᠯᠡᠰ ᠢ ᠠᠳᠠᠯ ᠠᠬᠤᠶ ᠶᠢᠨ ᠦᠢᠯᠡᠴᠢᠯᠡᠭᠡᠨ ᠤ ᠣᠷᠣᠨ ᠪᠦᠰᠡ ᠳᠠᠬᠢ ᠢᠯᠡ ᠭᠠᠵᠠᠷ ᠲᠤ ᠴᠠᠭ ᠲᠤᠬᠠᠶ ᠳᠤ ᠨᠢ ᠢᠯᠡ ᠨᠡᠶᠢᠲᠡᠯᠡᠭᠰᠡᠨ ᠥᠬᠡᠶ᠃ 4. ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠲᠣᠭᠲᠠᠭᠠᠯ ᠠᠴᠠ ᠵᠥᠷᠢᠴᠡᠨ ᠡᠵᠡᠯᠡᠬᠦ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠭᠡᠷ᠎ᠡ ᠶᠢᠨ ᠪᠣᠯᠵᠣᠯ ᠶᠣᠰᠣᠭᠠᠷ ᠪᠤᠶᠤ ᠦᠮᠴᠢᠲᠡᠳ ᠤᠨ ᠶᠡᠭᠡ ᠬᠤᠷᠠᠯ᠂ ᠦᠮᠴᠢᠲᠡᠳ ᠤᠨ ᠵᠦᠪᠯᠡᠯ ᠤᠨ ᠰᠢᠢᠳᠪᠦᠷᠢ ᠶᠢᠨ ᠶᠤᠰᠤᠭᠠᠷ ᠬᠠᠮᠲᠤ ᠶᠢᠨ ᠦᠮᠴᠢᠯᠡᠬᠦ ᠬᠡᠰᠡᠭ᠂ ᠬᠠᠮᠲᠤ ᠶᠢᠨ ᠪᠡᠯᠡᠳᠭᠡᠮᠵᠢ ᠲᠦᠬᠦᠭᠡᠷᠦᠮᠵᠢ ᠶᠢᠨ ᠡᠵᠡᠩᠨᠡᠯᠲᠡ ᠠᠴᠠ ᠪᠣᠢ ᠪᠣᠯᠣᠭᠰᠠᠨ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠭᠰᠡᠨ ᠦᠭᠡᠢ᠂ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠵᠢᠵᠢᠭ ᠲᠣᠭᠤᠷᠢᠭ ᠤᠨ ᠪᠤᠰᠤ ᠣᠯᠠᠨ ᠨᠡᠶᠢᠲᠡ ᠶᠢᠨ ᠬᠡᠷᠡᠭ ᠶᠠᠪᠤᠳᠠᠯ ᠳᠤ ᠳᠤᠷ᠎ᠠ ᠪᠠᠷ ᠢᠶᠠᠨ ᠰᠢᠯᠵᠢᠭᠦᠯᠦᠨ ᠬᠡᠷᠡᠭᠯᠡᠵᠦ᠂ ᠵᠢᠵᠢᠭ ᠲᠣᠭᠤᠷᠢᠭ ᠤᠨ ᠦᠮᠴᠢᠲᠡᠳ ᠤᠨ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠨ ᠬᠡᠷᠡᠭᠯᠡᠨ᠎ᠡ᠃ ︵ᠭᠤᠷᠪᠠ︶ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠴᠠᠭ ᠲᠤᠬᠠᠶ ᠳᠤᠨᠢ ᠰᠢᠨᠡᠳᠬᠡᠬᠦ ᠦᠭᠡᠶ ᠪᠠᠶᠢᠬᠤ ᠠᠰᠠᠭᠤᠳᠠᠯ 1᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠬᠡᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠭᠡᠷ᠎ᠡ ᠳᠤ ᠪᠣᠯᠵᠣᠨ ᠲᠣᠭᠲᠠᠭᠰᠠᠨ ᠪᠤᠶᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠭᠰᠠᠨ ᠦᠭᠡᠶ ᠠᠴᠠ ᠪᠣᠯᠵᠤ ᠴᠠᠬᠢᠯᠭᠠᠨ ᠱᠠᠲᠤ ᠶᠢᠨ ᠭᠡᠮ ᠰᠣᠭᠤᠭ ᠪᠠᠶᠢᠨ ᠳᠠᠬᠢᠨ ᠭᠠᠷᠴᠤ᠂ ᠠᠵᠢᠯᠯᠠᠭᠠᠨ ᠤ ᠪᠠᠶᠢᠳᠠᠯ ᠨᠢ ᠠᠨᠠᠶ ᠪᠠᠶᠢᠵᠤ᠂ ᠠᠰᠠᠭᠤᠳᠠᠯ ᠭᠠᠷᠪᠠᠯ ᠴᠠᠭ ᠲᠤᠬᠠᠶ ᠳᠤᠨᠢ ᠰᠡᠯᠪᠢᠨ ᠵᠠᠰᠠᠭᠰᠠᠨ ᠦᠭᠡᠶ᠂ ᠥᠮᠴᠢᠲᠡᠨ ᠤ ᠬᠡᠪ ᠤᠨ ᠶᠣᠰᠣᠭᠠᠷ ᠬᠡᠷᠡᠭᠯᠡᠭᠰᠡᠨ ᠪᠠ ᠡᠳᠦᠷ ᠲᠤᠲᠤᠮ ᠤᠨ ᠠᠮᠢᠳᠤᠷᠠᠯ ᠤᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠨ᠎ᠠ᠃ 2. ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠭᠡᠳ ᠴᠠᠭ ᠲᠤᠬᠠᠶ ᠳᠤᠨᠢ ᠮᠡᠳᠡᠭᠦᠯᠦᠭᠰᠡᠨ ᠦᠭᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠥᠮᠴᠢᠲᠡᠨ ᠤ ᠬᠦᠰᠡᠯ ᠱᠠᠭᠠᠷᠳᠠᠯᠭ᠎ᠠ ᠶᠢ ᠴᠤᠬᠢᠬᠤ ᠲᠠᠯ᠎ᠠ ᠪᠠᠷ ᠬᠤᠴᠣᠷᠤᠩᠭᠤᠶ ᠦᠵᠡᠭᠳᠡᠯ ᠣᠷᠣᠰᠢᠵᠤ᠂ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠲᠥᠯᠥᠪᠯᠡᠭᠡ ᠪᠠᠨ ᠴᠠᠭ ᠲᠤᠬᠠᠶ ᠳᠤᠨᠢ ᠮᠡᠳᠡᠭᠦᠯᠦᠭᠰᠡᠨ ᠥᠬᠡᠶ ᠠᠴᠠ ᠪᠣᠯᠵᠣ᠂ ᠬᠠᠭᠤᠴᠢᠨ ᠴᠠᠬᠢᠯᠭᠠᠨ ᠱᠠᠲᠤ ᠨᠢ ᠣᠷᠳᠣ ᠬᠤᠭᠤᠴᠠᠭ᠎ᠠ ᠪᠠᠷ ᠡᠪᠡᠳᠴᠢᠨ ᠲᠠᠢ ᠠᠵᠢᠯᠯᠠᠵᠤ᠂ ᠥᠮᠴᠢᠲᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠪᠡ᠃ 3. ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠦᠭᠡᠶ᠃ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠬᠦᠷᠦᠯᠴᠡᠬᠦ ᠦᠭᠡᠶ ᠪᠤᠶᠤ ᠥᠮᠴᠢᠲᠡᠨ ᠤ ᠰᠠᠨᠠᠯ ᠨᠢᠭᠡᠳᠦᠯ ᠦᠭᠡᠶ ᠵᠡᠷᠭᠡ ᠰᠢᠯᠲᠠᠭᠠᠨ ᠠᠴᠠ ᠪᠣᠯᠵᠤ᠂ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠪᠡᠯᠡ ᠮᠥᠩᠭᠦ ᠶᠢ ᠴᠤᠭᠯᠠᠭᠤᠯᠬᠤ ᠳᠤ ᠪᠡᠷᠬᠡᠲᠡᠶ ᠪᠣᠯᠭᠠᠵᠤ᠂ ᠴᠠᠬᠢᠯᠭᠠᠨ ᠱᠠᠲᠤ ᠶᠢᠨ ᠬᠠᠭᠤᠴᠢᠷᠬᠠᠰᠠᠨ ᠠᠰᠠᠭᠤᠳᠠᠯ ᠢ ᠴᠠᠭ ᠲᠤᠬᠠᠶ ᠳᠤᠨᠢ ᠰᠢᠶ᠋ᠳᠪᠦᠷᠢᠯᠡᠬᠦ ᠦᠭᠡᠶ ᠪᠠᠶᠢᠬᠤ ᠬᠡᠷᠡᠭᠲᠡᠶ᠃ ︵ᠳᠥᠷᠪᠡ︶︶ ᠵᠢᠵᠢᠭ ᠲᠣᠭᠤᠷᠢᠭ ᠲᠤ ᠲᠡᠷᠭᠡ ᠵᠣᠭᠰᠣᠭᠠᠬᠤ ᠳᠤ ᠬᠦᠴᠢᠷ ᠪᠠᠶᠢᠬᠤ ᠠᠰᠠᠭᠤᠳᠠᠯ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠲᠣᠭᠤᠷᠢᠨ ᠪᠠᠶᠢᠴᠠᠭᠠᠬᠤ ᠲᠣᠭᠲᠠᠴᠠ ᠶᠢ ᠬᠤᠳᠠᠯ ᠢᠶᠠᠷ ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠶᠢ ᠵᠣᠭᠰᠣᠭᠠᠭᠰᠠᠨ ᠪᠠ ᠲᠡᠷᠭᠡᠨ ᠵᠣᠭᠰᠣᠭᠠᠯ ᠢ ᠵᠠᠪᠳᠤᠨ ᠡᠵᠡᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠠᠷᠰᠢᠯᠠᠭᠰᠠᠨ ᠦᠭᠡᠢ᠃    ᠬᠤᠶᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ 1. ᠤᠲᠠᠰᠤ ᠪᠠᠷ ᠢᠯᠡᠴᠢᠯᠡᠨ ᠮᠡᠳᠡᠭᠦᠯᠬᠦ᠄ 0474-6908922᠃ 2. ᠰᠢᠤᠳᠠᠨ ᠬᠠᠶᠢᠷᠴᠠᠭ ᠤᠨ ᠵᠠᠭᠠᠯᠳᠤᠵᠤ ᠢᠯᠡᠴᠢᠯᠡᠨ ᠮᠡᠳᠡᠭᠦᠯᠬᠦ᠄ ᠵᠠᠭᠠᠯᠳᠤᠯᠭ᠎ᠠ ᠶᠢᠨ ᠮᠠᠲ᠋ᠧᠷᠢᠶᠠᠯ ᠢ sdxfczhzx@163.com ᠳᠤ ᠬᠦᠷᠭᠡᠨ᠎ᠡ᠃ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠦᠶ᠎ᠡ ᠳᠤ᠂ ᠡᠷᠬᠡᠪᠰᠢ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠳᠠᠭᠠᠯᠳᠤᠭᠤᠯᠵᠤ᠂ ᠮᠠᠨ ᠤ ᠲᠥᠪ ᠠᠴᠠ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠬᠡᠷᠡᠭᠲᠡᠢ᠃    ᠭᠤᠷᠪᠠ᠂ ᠠᠩᠬᠠᠷᠬᠤ ᠵᠦᠢᠯ 1. ᠨᠠᠷᠢᠨ ᠲᠣᠳᠣᠷᠬᠠᠶ ᠭᠡᠷᠡᠴᠢ ᠮᠠᠲ᠋ᠧᠷᠢᠶᠠᠯ ᠢ ᠬᠠᠩᠭᠠᠭᠠᠷᠠᠢ᠂ ᠡᠭᠦᠨ ᠳᠤ ᠭᠡᠷᠡᠯ ᠵᠢᠷᠤᠭ᠂ ᠬᠠᠷᠠᠭᠠᠨ ᠳᠠᠪᠲᠠᠮᠵᠢ᠂ ᠭᠡᠷ᠎ᠡ᠂ ᠪᠠᠷᠢᠮᠲᠠ ᠵᠡᠷᠭᠡ ᠶᠢ ᠪᠠᠭᠲᠠᠭᠠᠵᠤ᠂ ᠮᠠᠨ ᠤ ᠲᠥᠪ ᠠᠴᠠ ᠣᠨᠣᠪᠴᠢᠲᠠᠶ ᠪᠠᠶᠢᠴᠠᠭᠠᠯᠲᠠ ᠬᠢᠬᠦ ᠳᠤ ᠲᠥᠬᠦᠮ ᠦᠵᠡᠭᠦᠯᠦᠨ᠎ᠡ᠃ 2. ᠮᠠᠨ ᠤ ᠲᠥᠪ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠪᠠ ᠬᠤᠪᠢ ᠶᠢᠨ ᠨᠢᠭᠤᠴᠠ ᠶᠢᠨ ᠠᠮᠤᠷ ᠲᠦᠪᠰᠢᠨ ᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠵᠠᠳᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ 3. ᠪᠠᠶᠢᠴᠠᠭᠠᠨ ᠳᠣᠲᠣᠯᠠᠭᠰᠠᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠮᠠᠨ ᠤ ᠲᠥᠪ ᠠᠴᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠱᠠᠩᠳᠤ ᠰᠢᠶᠠᠨ ᠤ ᠭᠡᠷ ᠬᠥᠷᠥᠩᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠥᠷᠭᠡᠨ ᠣᠯᠠᠨ ᠥᠮᠴᠢᠲᠡᠨ ᠢ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠡᠶ᠎ᠡ ᠵᠣᠬᠢᠴᠠᠯ ᠲᠠᠢ᠂ ᠠᠮᠤᠷ ᠲᠦᠪᠰᠢᠨ᠂ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠬᠠᠮᠲᠤᠪᠠᠷ ᠠᠬᠢᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ︕    ᠱᠠᠩᠳᠤ ᠰᠢᠶᠠᠨ ᠤ ᠭᠡᠷ ᠬᠥᠷᠥᠩᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 2025 ᠣᠨ ᠤ 4 ᠰᠠᠷ᠎ᠠ ᠶᠢᠨ 18 ᠤ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2