ᠬᠤᠩ ᠰᠢᠩ ᠬᠤᠶᠢᠲᠤ ᠵᠡᠭᠡᠯᠢ ᠶᠢᠨ ᠵᠥᠩ ᠭᠤᠤᠯ ᠰᠤᠪᠠᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠮ ᠢ ᠪᠢᠲᠡᠭᠦᠮᠵᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/4/21
    ᠬᠤᠩ ᠰᠢᠩ ᠬᠤᠶᠢᠲᠤ ᠵᠡᠭᠡᠯᠢ ᠶᠢᠨ ᠳᠤᠮᠳᠠ ᠭᠤᠤᠯ ᠰᠤᠪᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠨᠡᠶᠢᠭᠡᠮ ᠤᠨ ᠲᠡᠷᠭᠡ ᠬᠥᠰᠬᠡ ᠪᠣᠯᠤᠨ ᠣᠯᠠᠨ ᠲᠦᠮᠡᠨ ᠤ ᠠᠮᠤᠷ ᠲᠦᠪᠰᠢᠨ ᠵᠢᠴᠢ ᠪᠠᠷᠢᠯᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠲᠤ ᠬᠤᠭᠤᠴᠠᠭ᠎ᠠ ᠬᠤᠪᠢᠶᠠᠨ ᠬᠡᠰᠡᠭ ᠬᠤᠪᠢᠶᠠᠨ ᠬᠠᠭᠠᠰ ᠪᠢᠲᠡᠭᠦᠮᠵᠢᠯᠡᠨ ᠪᠠᠷᠢᠯᠭ᠎ᠠ ᠪᠠᠷᠢᠬᠤ ᠶᠢ ᠬᠡᠷᠡᠭᠵᠢᠭᠦᠯᠬᠦ ᠬᠡᠷᠡᠭᠲᠡᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠢᠲᠡᠭᠦᠮᠵᠢᠯᠡᠭᠰᠡᠨ ᠪᠠᠷᠢᠯᠭ᠎ᠠ ᠶᠢᠨ ᠬᠡᠪᠴᠢᠶ᠎ᠡ ᠪᠠ ᠠᠷᠭ᠎ᠠ ᠮᠠᠶ᠋ᠢᠭ᠄ ᠬᠤᠩ ᠰᠢᠩ ᠬᠤᠶᠢᠲᠤ ᠵᠡᠭᠡᠯᠢ ︵ᠪᠥᠲᠥᠭᠡᠨ ᠪᠠᠶᠢᠭᠤᠯᠤᠯᠲᠠ ᠶᠢᠨ ᠪᠠᠷᠠᠭᠤᠨ ᠵᠠᠮ ᠠᠴᠠ ᠬᠤᠶᠢᠰᠢ᠂ ᠬᠥᠭᠵᠢᠭᠦᠯᠦᠨ ᠮᠠᠨᠳᠤᠭᠤᠯᠬᠤ ᠪᠠᠷᠠᠭᠤᠨ ᠵᠠᠮ ᠠᠴᠠ ᠡᠮᠦᠨᠡᠰᠢ︶ ᠶᠢᠨ ᠬᠡᠰᠡᠭ ᠵᠠᠮ ᠤᠨ ᠬᠡᠰᠡᠭ ᠲᠤ ᠬᠤᠭᠤᠴᠠᠭ᠎ᠠ ᠬᠤᠪᠢᠶᠠᠨ ᠬᠡᠰᠡᠭ ᠬᠤᠪᠢᠶᠠᠨ ᠬᠠᠭᠠᠰ ᠪᠢᠲᠡᠭᠦᠮᠵᠢᠯᠡᠭᠰᠡᠨ ᠪᠠᠷᠢᠯᠭ᠎ᠠ ︵ᠲᠡᠷᠭᠡ ᠨᠡᠪᠲᠡᠷᠡᠬᠦ ᠶᠢᠨ ᠳᠠᠭᠠᠤ ᠪᠠᠷᠢᠯᠭ᠎ᠠ ᠪᠠᠷᠢᠬᠤ︶ ᠶᠢ ᠬᠡᠷᠡᠭᠵᠢᠭᠦᠯᠦᠨ᠎ᠡ᠃    ᠬᠤᠶᠠᠷ᠂ ᠪᠢᠲᠡᠭᠦᠮᠵᠢᠯᠡᠭᠰᠡᠨ ᠪᠠᠷᠢᠯᠭ᠎ᠠ ᠪᠠᠷᠢᠬᠤ ᠴᠠᠭ᠄ 2025 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠠᠴᠠ 2025 ᠣᠨ ᠤ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠲᠤᠬᠠᠶ ᠶᠢᠨ ᠲᠠᠯᠠᠪᠤᠷ ᠤᠨ ᠪᠠᠷᠢᠯᠭ᠎ᠠ ᠶᠢᠨ ᠪᠠᠶᠢᠳᠠᠯ ᠢ ᠦᠨᠳᠦᠰᠦᠯᠡᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠪᠢᠲᠡᠭᠦᠮᠵᠢᠯᠡᠭᠰᠡᠨ ᠵᠠᠮ ᠤᠨ ᠬᠡᠪᠴᠢᠶ᠎ᠡ ᠪᠠ ᠪᠢᠲᠡᠭᠦᠮᠵᠢᠯᠡᠭᠰᠡᠨ ᠴᠠᠭ ᠢ ᠴᠠᠭ ᠲᠤᠬᠠᠶ ᠳᠤᠨᠢ ᠳᠣᠭᠢᠷᠠᠭᠤᠯᠤᠨ᠎ᠠ᠃    ᠭᠤᠷᠪᠠ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠨᠡᠪᠲᠡᠷᠡᠬᠦ ᠱᠠᠭᠠᠷᠳᠠᠯᠭ᠎ᠠ᠄ ᠬᠤᠭᠤᠴᠠᠭ᠎ᠠ ᠬᠤᠪᠢᠶᠠᠨ ᠬᠡᠰᠡᠭ ᠬᠤᠪᠢᠶᠠᠨ ᠪᠢᠲᠡᠭᠦᠮᠵᠢᠯᠡᠬᠦ ᠬᠤᠭᠤᠴᠠᠭᠠᠨ ᠳᠤ ᠪᠠᠭ᠎ᠠ ᠬᠡᠯᠪᠡᠷᠢ ᠶᠢᠨ ᠲᠡᠷᠭᠡ ᠬᠥᠰᠬᠡ ᠲᠤᠬᠠᠶ ᠶᠢᠨ ᠲᠠᠯᠠᠪᠤᠷ ᠤᠨ ᠵᠢᠭᠠᠪᠤᠷᠢ ᠶᠢᠨ ᠫᠠᠶᠢᠰᠠ ᠶᠢᠨ ᠶᠣᠰᠣᠭᠠᠷ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠵᠤ᠂ ᠲᠣᠮᠣ ᠬᠡᠯᠪᠡᠷᠢ ᠶᠢᠨ ᠲᠡᠷᠭᠡ ᠬᠥᠰᠬᠡ ᠨᠡᠪᠲᠡᠷᠡᠵᠦ ᠪᠣᠯᠬᠤ ᠥᠬᠡᠶ ᠪᠤᠶᠤ ᠵᠣᠭᠰᠣᠵᠤ ᠪᠣᠯᠬᠤ ᠥᠬᠡᠶ ︵ᠪᠠᠷᠢᠯᠭ᠎ᠠ ᠶᠢᠨ ᠲᠡᠷᠭᠡ ᠬᠥᠰᠬᠡ ᠠᠴᠠ ᠭᠠᠳᠠᠨ᠎ᠠ︶᠃ ᠲᠤᠬᠠᠢ ᠶᠢᠨ ᠲᠠᠯᠠᠪᠤᠷ ᠤᠨ ᠺᠣᠮᠠᠨᠳ᠋ᠯᠠᠭᠴᠢ ᠶᠢᠨ ᠤᠳᠤᠷᠢᠳᠤᠨ ᠵᠢᠯᠣᠭᠤᠳᠬᠤ ᠶᠢ ᠳᠠᠭᠠᠵᠤ ᠠᠯᠢ ᠴᠢᠳᠠᠬᠤ ᠪᠠᠷ ᠤᠷᠢᠳᠴᠢᠯᠠᠨ ᠲᠣᠭᠤᠷᠢᠵᠤ ᠶᠠᠪᠤᠭᠠᠷᠠᠢ᠃    ᠲᠦᠷᠪᠡ᠂ ᠵᠠᠮ ᠢ ᠪᠢᠲᠡᠭᠦᠮᠵᠢᠯᠡᠵᠦ ᠪᠠᠷᠢᠯᠭ᠎ᠠ ᠪᠠᠷᠢᠭᠰᠠᠨ ᠠᠴᠠ ᠪᠣᠯᠵᠤ ᠵᠠᠮ ᠳᠠᠭᠠᠤ ᠶᠢᠨ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠵᠢᠴᠢ ᠵᠢᠯᠣᠭᠤᠴᠢ ᠳᠤ ᠳᠥᠭᠦᠮ ᠦᠭᠡᠢ ᠪᠣᠯᠭᠠᠭᠰᠠᠨ ᠵᠦᠢᠯ ᠢ ᠠᠭᠤᠴᠢᠯᠠᠬᠤ ᠪᠣᠯᠪᠠ᠃ ᠣᠨᠴᠠᠭᠠᠶᠢᠯᠠᠨ ᠵᠠᠷᠯᠠᠪᠠ    ᠱᠠᠩᠳᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠱᠠᠩᠳᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 2035 ᠣᠨ ᠤ 4 ᠰᠠᠷ᠎ᠠ ᠶᠢᠨ 14 ᠤ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2