ᠴᠢᠦ ᠵᠢᠶᠦ᠋ᠨ ᠵᠢᠶᠧ ᠠᠵᠤ ᠠᠬᠤᠶᠢᠯᠠᠯ ᠤᠨ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/3
  4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃    ᠴᠢᠦ ᠵᠢᠶᠦ᠋ᠨ ᠵᠢᠶᠧ ᠨᠠᠷ ᠤᠷᠢᠳ ᠬᠤᠵᠢᠳ ᠱᠠᠩᠳᠤ ᠰᠢᠶᠠᠨ ᠤ ᠲᠣᠰᠬᠤᠨ ᠤ ᠱᠠᠲᠤᠨ ᠤ ᠭᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠦᠷᠳᠡᠭᠡ᠂ ᠥᠪᠥᠷ ᠮᠣᠩᠭᠤᠯ ᠤᠨ ᠰᠢᠶᠠᠩ ᠹᠦ᠋ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠾᠧᠩ ᠱᠧᠩ ᠵᠢᠯ ᠳᠤ 20 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠤᠭᠴᠠᠵᠢᠭᠤᠯᠬᠤ᠂ ᠮᠧᠩ ᠨᠧᠩ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠦᠢᠯᠡᠰ ᠤᠨ ᠲᠦᠷᠦᠯ ᠵᠦᠢᠯ ᠤᠨ ᠬᠤᠶᠠᠳᠤᠭᠠᠷ ᠳᠠᠷᠤᠯᠲᠠ ᠳᠡᠭᠡᠭᠰᠢᠯᠡᠭᠦᠯᠬᠦ ᠦᠷᠳᠡᠭᠡ᠂ ᠱᠠᠩᠳᠤ ᠶᠢᠨ ᠦᠯᠡᠳᠡᠭᠳᠡᠯ ᠤᠰᠤ ᠨᠤᠭᠤ ᠭᠠᠵᠠᠷ ᠢ ᠴᠡᠪᠡᠷᠰᠢᠭᠦᠯᠬᠦ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠴᠢᠦ ᠵᠢᠶᠦ᠋ᠨ ᠵᠢᠶᠧ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠪᠣᠳᠠᠲᠠᠢ ᠪᠠᠬᠢᠵᠢᠭᠦᠯᠬᠦ ᠬᠡᠷᠡᠭᠲᠡᠢ᠃    ᠵᠠᠩ ᠭᠤᠸ᠎ᠠ᠂ ᠯᠢ ᠭᠦᠣ ᠫᠧᠩ ᠣᠷᠣᠯᠴᠠᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2