ᠱᠠᠩᠳᠤ ᠰᠢᠶᠠᠨ ᠤ ᠴᠢ ᠲᠠᠢ ᠪᠠᠯᠭᠠᠰᠤᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠦᠨ | ᠰᠠᠶᠢᠵᠢᠷᠠᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ | ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠴᠢᠬᠤᠯᠠ | ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠵᠠᠳᠠᠯᠬᠤ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ | ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ | ᠬᠥᠭᠵᠢᠭᠦᠯᠦᠯᠲᠡ ᠥᠭᠡᠷᠡᠴᠢᠯᠡᠯᠲᠡ ᠶᠢᠨ ᠠᠯᠪᠠᠨ ᠭᠡᠷ ᠪᠡᠯᠡ ᠣᠷᠣᠭᠤᠯᠤᠯᠲᠠ ﹇2013﹈ 428 ᠳ᠋ᠤᠭᠠᠷ ᠲᠣᠭᠠᠲᠤ | ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶ | ︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠭᠤᠯᠭ᠎ᠠ ᠵᠢᠴᠢ ᠵᠦᠢᠯᠡᠰ ᠢ | ᠳᠣᠤᠷᠠᠬᠢ ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠪᠠᠶᠢᠳᠠᠯ ᠤᠨ ᠲᠣᠪᠴᠢ ᠮᠡᠳᠡᠭᠦᠯᠦᠯᠲᠡ | ᠱᠠᠩᠳᠤ ᠰᠢᠶᠠᠨ ᠤ ᠴᠢ ᠲᠠᠢ ᠪᠠᠯᠭᠠᠰᠤᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠦᠨ | ᠰᠠᠶᠢᠵᠢᠷᠠᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠱᠠᠩᠳᠤ ᠰᠢᠶᠠᠨ ᠤ ᠴᠢ ᠲᠠᠢ ᠪᠠᠯᠭᠠᠰᠤᠨ ᠤ ᠶᠢᠨ | ᠰᠠᠨ ᠵᠢᠶᠣᠣ ᠨᠡᠶᠢᠭᠡᠮ ᠲᠣᠭᠤᠷᠢᠭ ᠤᠨ ᠤᠰᠤᠨ ᠤ ᠦᠢᠯᠡᠳᠪᠦᠷᠢ ᠶᠢᠨ ᠬᠦᠷᠢᠶᠡᠨ ᠳᠤ ᠪᠠᠶᠢᠷᠢᠯᠠᠵᠤ ᠪᠠᠶᠢᠨ᠎ᠠ᠃ ᠲᠤᠰ | ᠲᠥᠷᠥᠯ ᠵᠦᠢᠯ ᠨᠢ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ | ᠲᠤᠰ ᠭᠠᠵᠠᠷ ᠣᠷᠣᠨ ᠤ ᠠᠵᠢᠯ ᠲᠥᠷᠥᠯ ᠤᠨ ᠲᠥᠯᠥᠪᠵᠢᠭᠦᠯᠭᠡ ᠪᠠ ᠭᠠᠵᠠᠷ ᠣᠷᠣᠨ ᠤ ᠲᠥᠯᠥᠪᠵᠢᠭᠦᠯᠭᠡ ᠳᠤ | ᠨᠡᠶᠢᠴᠡᠭᠰᠡᠨ ᠪᠠᠶᠢᠬᠤ ᠬᠡᠷᠡᠭᠲᠡᠶ᠃ | ᠲᠣᠰ ᠲᠥᠷᠥᠯ ᠵᠦᠢᠯ ᠤᠨ ᠭᠤᠤᠯ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠰᠢᠨ᠎ᠡ ᠪᠠᠷ ᠪᠠᠶᠢᠭᠤᠯᠤᠭᠰᠠᠨ | ᠡᠳᠦᠷ ᠤᠨ ᠰᠢᠢᠳᠪᠦᠷᠢᠯᠡᠬᠦ ᠴᠢᠳᠠᠪᠤᠷᠢ 10000 ᠪᠣᠰᠤᠭ᠎ᠠ ᠳᠥᠷᠪᠡᠯᠵᠢᠨ ᠮᠧᠳ᠋ᠷ ᠤᠨ ᠤᠰᠤ ᠴᠡᠪᠡᠷᠰᠢᠭᠦᠯᠬᠦ | ᠦᠢᠯᠡᠳᠪᠦᠷᠢ ᠨᠢᠭᠡ ᠪᠠᠶᠢᠵᠤ᠂ ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠲᠠᠰᠤᠭ 1᠂ ᠴᠡᠪᠡᠷ | ᠤᠰᠤᠨ ᠤ ᠣᠩᠭᠤᠴᠠ 1᠂ ᠭᠠᠳᠠᠭᠰᠢ ᠤᠰᠤ ᠬᠠᠩᠭᠠᠬᠤ ᠬᠥᠭᠡᠷᠭᠡ ᠶᠢᠨ ᠥᠷᠥᠭᠡ 1᠂ ᠠᠷᠢᠭᠤᠳᠬᠠᠬᠤ ᠥᠷᠥᠭᠡ | 1᠂ ᠹᠯᠣᠷ ᠠᠷᠢᠯᠭᠠᠬᠤ ᠲᠥᠬᠦᠭᠡᠷᠦᠮᠵᠢ ᠨᠢᠭᠡ ᠢᠵᠢ ᠪᠠᠶᠢᠵᠤ᠂ ᠤᠰᠤ ᠬᠠᠩᠭᠠᠬᠤ ᠬᠤᠭᠤᠯᠠᠶ ᠤᠲᠠᠰᠤ 2830 | ᠮᠧᠳ᠋ᠷ ᠳᠡᠪᠢᠰᠦᠨ᠎ᠡ᠃ | ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 3961.81 ᠲᠦᠮᠡᠨ ᠲᠥᠭᠦᠷᠢᠭ ᠪᠠᠶᠢᠵᠤ᠂ | ᠪᠠᠯᠠ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠠᠯᠠ ᠣᠷᠣᠭᠤᠯᠤᠯᠲᠠ ᠪᠠ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠣᠯᠤᠨ᠎ᠠ᠃ | ᠬᠤᠶᠠᠷ᠂ ᠲᠥᠷᠥᠯ ᠵᠦᠢᠯ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ | ᠲᠦᠭᠰᠢᠭᠦᠷᠢ ᠶᠢᠨ ᠲᠦᠢᠮᠣ ᠪᠠᠶᠢᠳᠠᠯ | ᠲᠣᠰ ᠲᠥᠷᠥᠯ ᠵᠦᠶ᠋ᠯ ᠨᠢ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ ᠡᠭᠦᠰᠬᠦ | ᠪᠣᠯᠤᠯᠴᠠᠭ᠎ᠠ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠪᠣᠯᠤᠨ᠎ᠠ᠄ | ᠪᠠᠷᠢᠯᠭ᠎ᠠ ᠪᠠᠷᠢᠬᠤ ᠬᠤᠭᠤᠴᠠᠭᠠᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ︔ | ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠤ | ᠡᠭᠦᠰᠦᠭᠰᠡᠨ ᠱᠤᠤᠭᠢᠶᠠᠨ᠂ ᠲᠣᠭᠤᠰᠣ ᠳᠡᠭᠳᠡᠬᠦ᠂ ᠪᠣᠬᠢᠷ ᠤᠰᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠠᠬᠢ ᠠᠮᠤᠷ ᠲᠦᠪᠰᠢᠨ ᠤ ᠨᠥᠯᠥᠭᠡ︔ ᠵᠢᠱᠢᠶᠡᠯᠡᠪᠡᠯ ᠮᠧᠬᠠᠨᠢᠭ | ᠭᠡᠮᠲᠦᠯ᠂ ᠴᠠᠬᠢᠯᠭᠠᠨ ᠤ ᠭᠡᠮᠲᠦᠯ᠂ ᠭᠠᠯ ᠤᠨ ᠠᠶᠤᠯ ᠵᠡᠷᠭᠡ︔ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ | ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠬᠦᠴᠦᠨ ᠵᠦᠢᠯ | ᠪᠣᠯᠤᠨ᠎ᠠ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ | ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ | ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃ | ︵1︶ ᠣᠯᠠᠨ ᠨᠡᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ | ᠣᠯᠠᠨ ᠲᠦᠮᠡᠨ ᠢ ᠬᠤᠷᠢᠶᠠᠨ᠎ᠠ᠃ | ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ | ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠶᠡᠭᠡ ᠲᠠᠯ᠎ᠠ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ | ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ | ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ | ᠪᠣᠯᠤᠨ᠎ᠠ᠃ | ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠢᠯᠡ ᠨᠡᠶᠢᠲᠡᠯᠡᠬᠦ ᠬᠤᠭᠤᠴᠠᠭᠠᠨ ᠳᠤ᠂ | ᠲᠣᠰ ᠲᠥᠷᠥᠯ ᠵᠦᠢᠯ ᠤᠨ ᠡᠭᠦᠰᠴᠦ ᠮᠡᠳᠡᠬᠦ ᠨᠥᠯᠥᠭᠡ ᠪᠠᠨ ᠰᠠᠨᠠᠯ ᠪᠤᠶᠤ ᠡᠰᠡᠬᠦᠯ᠎ᠡ ᠳ᠋ᠢᠶᠠᠩᠬᠤᠸᠠ ᠶᠢᠨ ᠠᠷᠭ᠎ᠠ | ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠠ ᠦᠨᠡᠯᠡᠨ ᠵᠢᠱᠢᠬᠦ | ᠨᠢᠭᠡᠴᠡ ᠳᠤ ᠲᠤᠰᠬᠠᠵᠤ᠂ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠰᠠᠨᠠᠯ | ᠪᠠ ᠰᠠᠨᠠᠭᠤᠯᠭ᠎ᠠ ᠪᠠᠨ ᠢᠯᠡᠳᠬᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠨᠠᠩ | ᠲᠡᠭᠦᠯᠳᠡᠷᠵᠢᠭᠰᠡᠨ ᠮᠡᠳᠡᠭᠦᠯᠦᠯᠲᠡ ᠳᠤ ᠲᠥᠬᠦᠮ ᠦᠵᠡᠭᠦᠯᠵᠦ ᠪᠣᠯᠤᠨ᠎ᠠ᠃ | ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠶᠠᠮᠠᠷᠪᠠ ᠨᠢᠭᠡᠴᠡ ᠪᠠ | ᠬᠤᠪᠢ ᠬᠥᠮᠦᠨ ᠬᠡᠷᠪᠡ ᠰᠠᠨᠠᠯ ᠪᠤᠶᠤ ᠰᠠᠨᠠᠭᠤᠯᠭ᠎ᠠ ᠲᠠᠢ ᠪᠣᠯ ᠱᠠᠩᠳᠤ ᠰᠢᠶᠠᠨ ᠤ ᠬᠤᠲᠠ ᠪᠠᠯᠭᠠᠰᠤᠨ ᠤ ᠤᠰᠤᠨ ᠤ | ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠲᠤ ᠰᠢᠭᠤᠳ ᠬᠠᠷᠢᠭᠤ ᠲᠤᠰᠬᠠᠵᠤ ᠪᠣᠯᠤᠨ᠎ᠠ᠃ | ᠵᠠᠷᠯᠠᠨ ᠨᠡᠶᠢᠲᠡᠯᠡᠬᠦ ᠴᠠᠭ᠄ 2025 ᠣᠨ ᠤ 5 ᠰᠠᠷ᠎ᠠ ᠶᠢᠨ 11 ᠤ ᠡᠳᠦᠷ ᠠᠴᠠ 2025 ᠣᠨ ᠤ 5 | ᠰᠠᠷ᠎ᠠ ᠶᠢᠨ 26 ᠤ ᠡᠳᠦᠷ ᠪᠣᠯᠲᠠᠯ᠎ᠠ | ᠬᠠᠷᠢᠯᠴᠠᠬᠤ ᠬᠥᠮᠦᠨ᠄ ᠬᠤᠤ ᡁᠢ ᠠᠨ ᠬᠠᠷᠢᠯᠴᠠᠬᠤ ᠤᠲᠠᠰᠤ᠄ 18047437111 | ᠬᠠᠶ᠋ᠢᠭ᠄ ᠱᠠᠩᠳᠤ ᠰᠢᠶᠠᠨ ᠤ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠲᠥᠪ | ᠱᠠᠩᠳᠤ ᠰᠢᠶᠠᠨ ᠤ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ |