ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠲᠦᠨ ᠺᠧᠨ ᠠᠩᠭᠢ ᠪᠠᠯᠭᠠᠰᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ | ᠥᠷᠨᠢᠭᠦᠯᠵᠦ᠂ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ | ᠰᠤᠷᠤᠯᠴᠠᠬᠤ ᠠᠵᠢᠯᠯᠠᠭ᠎ᠠ ᠳᠤ ᠣᠷᠣᠯᠴᠠᠪᠠ᠃ | ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ | ᠪᠠᠶᠢᠷᠢ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠬᠠᠤᠯᠢ︾ ᠵᠡᠷᠭᠡ ᠠᠭᠤᠯᠭ᠎ᠠ ᠶᠢ ᠰᠤᠷᠤᠯᠴᠠᠵᠤ᠂ ᠣᠯᠠᠨ ᠢᠶᠠᠷ ᠢᠶᠠᠨ ᠲᠣᠰ ᠤᠳᠠᠭᠠᠨ ᠤ | ᠰᠤᠷᠤᠯᠴᠠᠯᠭ᠎ᠠ ᠪᠠᠷ ᠳᠡᠮᠵᠢᠨ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠶᠠᠯᠢᠭ ᠠᠭᠤᠯᠤᠭᠳᠠᠬᠤᠨ ᠪᠠ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠪᠠ᠃ | ᠲᠠᠷᠠᠭᠠᠴᠢ ᠶᠢᠨ ᠠᠯᠬᠤᠮ ᠳᠤ᠂ ᠲᠦᠨ ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤ ᠤᠬᠠᠭᠤᠯᠭ᠎ᠠ ᠶᠢᠨ | ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ | ᠭᠤᠤᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠯᠠᠨ ᠲᠦᠮᠡᠨ ᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠤᠬᠠᠶ | ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ | ᠴᠡᠴᠡᠭᠯᠡᠨ ᠬᠥᠭᠵᠢᠭᠦᠯᠦᠨ᠎ᠡ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |