ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ ᠮᠣᠳᠣ | ᠰᠢᠶᠠᠩ ᠤᠨ ᠪᠠᠶᠢᠭᠤᠯᠭ᠎ᠠ ᠶᠢᠨ ᠨᠠᠮ ᠤᠨ ᠡᠭᠦᠷ ᠴᠢᠩ ᠱᠦᠢ ᠴᠢᠤᠸᠠᠨ ᠲᠣᠰᠬᠤᠨ᠂ ᠴᠢᠩ ᠱᠦᠢ ᠭᠸᠤ ᠲᠣᠰᠬᠤᠨ ᠤ | ᠨᠠᠮ ᠤᠨ ᠡᠭᠦᠷ ᠲᠠᠢ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠳᠤ | ᠣᠷᠣᠬᠤ ᠲᠠᠩᠭᠠᠷᠢᠭ ᠤᠨ ᠦᠭᠡ ᠶᠢ ᠲᠠᠬᠢᠨ ᠡᠷᠭᠢᠴᠡᠭᠦᠯᠬᠦ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ | ᠬᠠᠮᠲᠤᠪᠠᠷ ᠰᠤᠷᠤᠯᠴᠠᠬᠤ᠂ ᠬᠠᠷᠢᠯᠴᠠᠨ ᠰᠣᠯᠢᠯᠴᠠᠨ ᠶᠠᠷᠢᠯᠴᠠᠬᠤ ᠪᠠᠷ ᠳᠠᠮᠵᠢᠭᠤᠯᠵᠤ᠂ ᠨᠠᠮ ᠤᠨ ᠭᠡᠰᠢᠭᠦᠨ ᠤ | ᠬᠠᠷᠢᠭᠤᠴᠠᠯᠭ᠎ᠠ ᠡᠭᠦᠷᠭᠡᠯᠡᠯ ᠢ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠶ᠎ᠡ | ᠵᠣᠬᠢᠴᠠᠩᠭᠤᠢ ᠬᠥᠭᠵᠢᠮ ᠢ ᠴᠢᠪᠬᠠᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ | ᠬᠦᠴᠦᠨ ᠢ ᠬᠥᠭᠵᠢᠭᠡᠪᠡ᠃ | ᠠᠵᠢᠯᠯᠠᠭ᠎ᠠ ᠡᠬᠢᠯᠡᠮᠡᠭᠴᠡ᠂ ᠪᠦᠬᠦ ᠨᠠᠮ ᠤᠨ ᠭᠡᠰᠢᠭᠦᠨ ᠨᠠᠮ ᠤᠨ ᠲᠤᠭ ᠲᠤ ᠬᠠᠨᠳᠤᠭᠤᠯᠤᠨ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠠᠶᠢᠴᠢᠨ | ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠶᠢ ᠵᠣᠷᠢᠭᠵᠢᠭᠤᠯᠪᠠ᠃ | ᠮᠣᠣ ᠳ᠋ᠦ᠋ ᠰᠢᠶᠠᠩ ᠤᠨ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠢ | ᠳᠠᠭᠠᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠲᠦᠷᠢᠮ︾ ᠤᠨ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠵᠤ᠂ ︽ᠲᠦᠷᠢᠮ︾ ᠤᠨ | ᠳᠣᠲᠣᠷᠠᠬᠢ ᠳᠤᠮᠳᠠᠳᠤ ᠶᠢᠨ ᠰᠣᠶᠣᠯ ᠤᠨ ᠮᠡᠳᠡᠷᠡᠮᠵᠢ ᠪᠣᠯᠤᠨ ᠰᠣᠶᠣᠯ ᠤᠨ ᠤᠯᠠᠮᠵᠢᠯᠠᠯ ᠢ ᠠᠬᠢᠭᠤᠯᠬᠤ᠂ | ᠦᠨᠳᠦᠰᠦᠲᠡᠨ ᠨᠦᠭᠦᠳ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠴᠢᠬᠤᠯᠠ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ︽ᠳᠦᠷᠢᠮ︾ ᠨᠢ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ | ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︔ ᠴᠢᠩ ᠱᠦᠢ ᠴᠢᠤᠸᠠᠨ ᠲᠣᠰᠬᠤᠨ ᠤ ᠨᠠᠮ ᠤᠨ ᠡᠭᠦᠷ ᠤᠨ ᠱᠦᠵᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠠᠤᠯᠢ︾ ᠶᠢ ᠳᠠᠭᠠᠭᠤᠯᠤᠨ ᠰᠤᠷᠤᠯᠴᠠᠵᠤ᠂ ᠲᠡᠭᠦᠨ ᠤ ᠭᠤᠣᠯ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ | ᠪᠣᠳᠠᠲᠤ ᠬᠡᠷᠡᠭ ᠤᠨ ᠵᠢᠱᠢᠶ᠎ᠡ ᠶᠢ ᠵᠢᠭᠰᠠᠭᠠᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠡᠳᠦᠷ ᠲᠤᠲᠤᠮ ᠤᠨ | ᠠᠮᠢᠳᠤᠷᠠᠯ ᠪᠠ ᠠᠵᠢᠯ ᠤᠨ ᠳᠤᠮᠳᠠᠬᠢ ᠪᠣᠳᠠᠲᠠᠶ ᠬᠡᠷᠡᠭᠯᠡᠯᠲᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ | ᠲᠣᠳᠣᠷᠬᠠᠶᠢᠯᠠᠨ ᠥᠭᠦᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠨᠢ | ᠦᠨᠳᠦᠰᠦᠲᠡᠨ ᠨᠦᠭᠦᠳ ᠤᠨ ᠡᠯ᠎ᠡ ᠭᠠᠵᠠᠷ ᠣᠷᠣᠨ ᠤ ᠠᠵᠤ ᠠᠬᠤᠶ ᠰᠣᠶᠣᠯ ᠤᠨ ᠰᠣᠯᠢᠯᠴᠠᠭ᠎ᠠ ᠶᠢ ᠠᠬᠢᠭᠤᠯᠬᠤ᠂ | ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠴᠢᠩ ᠱᠦᠢ ᠭᠸᠤ ᠲᠣᠰᠬᠤᠨ ᠤ ᠨᠠᠮ ᠤᠨ ᠡᠭᠦᠷ ᠤᠨ ᠱᠦᠵᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾ ᠤᠨ ᠵᠣᠷᠢᠭ | ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ︽ᠨᠠᠮ ᠤᠨ ᠠᠴᠢ ᠶᠢ ᠮᠡᠳᠡᠷᠡᠵᠤ ᠨᠠᠮ ᠤᠨ ᠦᠭᠡ ᠶᠢ ᠰᠣᠨᠣᠰᠬᠤ᠂ | ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠰᠢᠨ᠎ᠡ ᠠᠶᠠᠨ ᠵᠠᠮ ᠳᠤ ᠵᠢᠱᠢᠶᠡᠴᠢ ᠪᠣᠯᠬᠤ︾᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ | ᠵᠢᠱᠢᠶᠡᠴᠢ ᠪᠣᠯᠬᠤ︾ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠳᠠᠭᠠᠭᠤᠯᠤᠨ ᠰᠤᠷᠤᠯᠴᠠᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ | ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ | ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |