ᠮᠣᠣ ᠳ᠋ᠦ᠋ ᠰᠢᠶᠠᠩ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/14
ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ ᠮᠤᠤ ᠳ᠋ᠦ᠋ ᠰᠢᠶᠠᠩ ᠤᠨ ᠪᠠᠶᠢᠭᠤᠯᠭ᠎ᠠ ᠶᠢᠨ ᠨᠠᠮ ᠤᠨ ᠡᠭᠦᠷ ᠴᠢᠩ ᠱᠦᠢ ᠴᠢᠤᠸᠠᠨ ᠲᠣᠰᠬᠤᠨ᠂ ᠴᠢᠩ ᠱᠦᠢ ᠭᠸᠤ ᠲᠣᠰᠬᠤᠨ ᠤ ᠨᠠᠮ ᠤᠨ ᠡᠭᠦᠷ ᠲᠠᠢ ᠬᠠᠮᠲᠤᠷᠠᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠬᠠᠮᠲᠤᠪᠠᠷ ᠰᠤᠷᠤᠯᠴᠠᠵᠤ᠂ ᠬᠠᠷᠢᠯᠴᠠᠨ ᠰᠣᠯᠢᠯᠴᠠᠨ ᠶᠠᠷᠢᠯᠴᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠶ᠎ᠡ ᠵᠣᠬᠢᠴᠠᠩᠭᠤᠢ ᠬᠥᠭᠵᠢᠮ ᠢ ᠬᠥᠭᠵᠢᠮᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ᠃    ᠮᠣᠣ ᠳ᠋ᠦ᠋ ᠰᠢᠶᠠᠩ ᠤᠨ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠢ ᠳᠠᠭᠠᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠤᠨ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠵᠤ᠂ ︽ᠲᠦᠷᠢᠮ︾ ᠤᠨ ᠳᠣᠲᠣᠷᠠᠬᠢ ᠳᠤᠮᠳᠠᠳᠤ ᠶᠢᠨ ᠰᠣᠶᠣᠯ ᠤᠨ ᠮᠡᠳᠡᠷᠡᠮᠵᠢ ᠪᠣᠯᠤᠨ ᠰᠣᠶᠣᠯ ᠤᠨ ᠤᠯᠠᠮᠵᠢᠯᠠᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠴᠢᠬᠤᠯᠠ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ︽ᠲᠦᠷᠢᠮ︾ ᠨᠢ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︔ ᠴᠢᠩ ᠱᠦᠢ ᠴᠢᠤᠸᠠᠨ ᠲᠣᠰᠬᠤᠨ ᠤ ᠨᠠᠮ ᠤᠨ ᠡᠭᠦᠷ ᠤᠨ ᠱᠦᠵᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢ ᠳᠠᠭᠠᠭᠤᠯᠤᠨ ᠰᠤᠷᠤᠯᠴᠠᠵᠤ᠂ ᠲᠡᠭᠦᠨ ᠤ ᠭᠤᠣᠯ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠪᠣᠳᠠᠲᠤ ᠬᠡᠷᠡᠭ ᠤᠨ ᠵᠢᠱᠢᠶ᠎ᠡ ᠶᠢ ᠵᠢᠭᠰᠠᠭᠠᠨ ᠵᠢᠭᠰᠠᠭᠠᠬᠤ ᠪᠠᠷ ᠳᠠᠮᠵᠢᠭᠤᠯᠤᠨ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠤᠯᠤᠰ ᠤᠨ ᠨᠢᠭᠡᠳᠦᠯ ᠪᠣᠯᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠪᠡ᠂ ᠴᠢᠩ ᠱᠦᠢ ᠭᠸᠤ ᠲᠣᠰᠬᠤᠨ ᠤ ᠨᠠᠮ ᠤᠨ ᠡᠭᠦᠷ ᠤᠨ ᠱᠦᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠨ ᠵᠠᠮ ᠳᠤ ᠵᠢᠱᠢᠶᠡᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2