ᠨᠢᠭᠡ᠂ ᠢᠯᠡ ᠨᠡᠶᠢᠲᠡᠯᠡᠬᠦ ᠠᠭᠤᠯᠭ᠎ᠠ | ᠰᠢᠯ ᠬᠤᠣ ᠵᠢᠩ ᠰᠢᠶᠠᠩ ᠤᠨ 11 ᠰᠠᠭᠤᠷᠢ ᠨᠡᠷᠡᠨ ᠭᠡᠷᠡᠯ ᠤᠨ ᠬᠦᠯᠡᠮᠵᠢ ᠨᠢ ᠪᠠᠶᠢᠭᠠᠯᠢ ᠶᠢᠨ ᠭᠠᠮᠰᠢᠭ ᠤᠨ | ᠨᠥᠯᠥᠭᠡ ᠳᠤ ᠤᠴᠠᠷᠠᠵᠤ᠂ ᠬᠦᠨᠳᠦ ᠨᠣᠴᠢᠲᠠᠶ ᠡᠪᠳᠡᠭᠳᠡᠭᠰᠡᠨ ᠪᠣᠯᠬᠤᠷ ᠰᠡᠯᠪᠢᠨ ᠵᠠᠰᠠᠬᠤ ᠦᠨ᠎ᠡ ᠥᠷᠲᠡᠭ ᠦᠭᠡᠢ | ᠪᠠᠶᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠠᠵᠢᠯ ᠢ ᠬᠢᠵᠦ᠂ | ᠤᠳᠤ ᠬᠡᠷᠡᠭᠯᠡᠭᠡᠨ ᠠᠴᠠ ᠭᠠᠷᠭᠠᠬᠤ ᠪᠠᠷ ᠪᠠᠶᠢᠭ᠎ᠠ ᠰᠢᠢᠳᠪᠦᠷᠢᠯᠡᠬᠦ ᠪᠠᠶᠢᠳᠠᠯ ᠢᠶᠠᠨ ᠢᠯᠡ ᠨᠡᠶᠢᠲᠡᠯᠡᠪᠡ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | ᠢᠯᠡ ᠨᠡᠶᠢᠲᠡᠯᠡᠬᠦ ᠴᠠᠭ ᠨᠢ 10 ᠡᠳᠦᠷ᠂ 2025 ᠣᠨ ᠤ 5 ᠰᠠᠷ᠎ᠠ ᠶᠢᠨ 14 ᠤ ᠡᠳᠦᠷ ᠠᠴᠠ 5 | ᠰᠠᠷ᠎ᠠ ᠶᠢᠨ 23 ᠤ ᠡᠳᠦᠷ ᠪᠣᠯᠲᠠᠯ᠎ᠠ᠂ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠠ ᠬᠤᠪᠢ ᠬᠥᠮᠦᠨ ᠴᠥᠮ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠠᠭᠤᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ | ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ | ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ | ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ | ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠠᠯᠪᠠᠨ ᠭᠡᠷ ᠢ ᠱᠠᠩᠳᠤ ᠰᠢᠶᠠᠨ ᠤ ᠰᠢᠯ ᠬᠤ ᠵᠢᠩ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠨᠠᠮ | ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠪᠠᠶᠢᠷᠢᠯᠠᠭᠤᠯᠤᠨ᠎ᠠ᠃ | ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 - 12᠄ 00 | ᠦᠳᠡ ᠶᠢᠨ ᠬᠤᠶᠢᠨᠠᠬᠢ 14᠄ 30 - 18᠄ 00 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵047444︶ 6653003 | ᠣᠨᠴᠠᠭᠠᠶᠢᠯᠠᠨ ᠵᠠᠷᠯᠠᠨ ᠨᠡᠶᠢᠲᠡᠯᠡᠬᠦ | ᠱᠠᠩᠳᠤ ᠱᠢᠶᠠᠨ ᠶᠢᠨ ᠱᠢᠯ ᠬᠤ ᠵᠢᠩ ᠱᠢᠶᠠᠩ ᠤᠨ ᠠᠷᠠᠳ ᠶᠢᠨ ᠵᠠᠰᠠᠭ ᠤᠨ ᠣᠷᠳᠣᠨ | 2025 ᠣᠨ ᠤ 5 ᠰᠠᠷ᠎ᠠ ᠶᠢᠨ 14 ᠤ ᠡᠳᠦᠷ | |