ᠱᠠᠩᠳᠤ ᠰᠢᠶᠠᠨ ᠤ 2025 ᠣᠨ ᠤ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠣᠷᠣᠭᠤᠯᠤᠨ ᠠᠪᠴᠢᠷᠠᠭᠰᠠᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠢᠴᠢ ᠬᠢᠷᠢ ᠬᠡᠮ ᠢ ᠳᠠᠬᠢᠨ ᠬᠢᠨᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/5/14
 ︽ᠱᠠᠩᠳᠤ ᠰᠢᠶᠠᠨ ᠤ 2025 ᠣᠨ ᠤ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠢᠷ ᠤᠨ ᠰᠢᠯᠭᠠᠯᠲᠠ ᠶᠢᠨ ᠠᠵᠢᠯ ᠨᠢᠭᠡᠨᠲᠡ ᠳᠠᠭᠤᠰᠴᠤ᠂ ᠣᠲᠣ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠵᠢᠴᠢ ᠬᠢᠷᠢ ᠬᠡᠮ ᠢ ᠳᠠᠬᠢᠨ ᠬᠢᠨᠠᠬᠤ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠠᠷᠭ᠎ᠠ ᠮᠠᠶ᠋ᠢᠭ    ᠤᠷᠢᠭᠳᠠᠭᠰᠠᠨ ᠬᠥᠮᠦᠨ http://nmdsjy.pinge360.com/exam/1910    ᠰᠦᠯᠵᠢᠶᠡᠨ ᠬᠠᠶ᠋ᠢᠭ ᠨᠢ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠳ᠋ᠤᠭᠠᠷ ᠢᠶᠠᠨ ᠣᠷᠣᠭᠤᠯᠵᠤ᠂ ᠰᠢᠯᠭᠠᠯᠲᠠ ᠶᠢᠨ ᠬᠢᠷᠢ ᠪᠦᠲᠦᠮᠵᠢ ᠵᠢᠴᠢ ᠬᠢᠷᠢ ᠬᠡᠮ ᠤᠨ ᠳᠠᠬᠢᠨ ᠬᠢᠨᠠᠯᠲᠠ ᠳᠤ ᠣᠷᠣᠭᠰᠠᠨ ᠡᠰᠡᠬᠦ ᠶᠢ ᠥᠪᠡᠰᠦᠪᠡᠨ ᠪᠠᠶᠢᠴᠠᠭᠠᠨ ᠯᠠᠪᠯᠠᠨ᠎ᠠ᠃    ᠬᠤᠶᠠᠷ᠂ ᠬᠢᠷᠢ ᠬᠡᠮ ᠢ ᠳᠠᠬᠢᠨ ᠬᠢᠨᠠᠬᠤ    ︵ᠨᠢᠭᠡ︶ ᠬᠢᠷᠢ ᠬᠡᠮ ᠢ ᠳᠠᠬᠢᠨ ᠬᠢᠨᠠᠬᠤ ᠴᠠᠭ᠄ 2025 ᠣᠨ ᠤ 5 ᠰᠠᠷ᠎ᠠ ᠶᠢᠨ 22 ᠤᠨ ᠡᠳᠦᠷ ᠠᠴᠠ 5 ᠰᠠᠷ᠎ᠠ ᠶᠢᠨ 23 ᠤ ᠡᠳᠦᠷ ᠪᠣᠯᠲᠠᠯ᠎ᠠ᠃    ︵ᠬᠤᠶᠠᠷ᠂ ᠬᠢᠷᠢ ᠬᠡᠮ ᠢ ᠳᠠᠬᠢᠨ ᠬᠢᠨᠠᠬᠤ ᠭᠠᠵᠠᠷ᠄ ᠱᠠᠩᠳᠤ ᠰᠢᠶᠠᠨ ᠤ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠶᠡᠷᠦᠩᠬᠡᠶᠢᠯᠡᠭᠰᠡᠨ ᠠᠰᠠᠷ ᠤᠨ ᠨᠢᠭᠡᠳᠦᠭᠡᠷ ᠳᠠᠪᠬᠤᠷᠯᠢᠭ ᠤᠨ ᠵᠣᠬᠢᠶᠠᠨ ᠪᠠᠶᠢᠭᠤᠯᠬᠤ ᠬᠡᠯᠲᠡᠰ ᠤᠨ 103 ᠲᠠᠰᠤᠭ ︵ᠴᠢᠳᠠᠪᠤᠷᠢᠲᠠᠨ ᠤ ᠬᠠᠮᠢᠶᠠᠷᠤᠯᠲᠠ ᠶᠢᠨ ᠲᠠᠰᠤᠭ︶︶ ︽ᠵᠠ︾ ᠭᠡᠳ    ︵ᠭᠤᠷᠪᠠ︶ ᠤᠷᠢᠭᠳᠠᠬᠤ ᠬᠥᠮᠦᠰ ᠬᠢᠷᠢ ᠭᠡᠮ ᠤᠨ ᠳᠠᠬᠢᠨ ᠬᠢᠨᠠᠬᠤ ᠳᠤ ᠣᠷᠣᠯᠴᠠᠬᠤ ᠦ᠊ ᠡᠶ᠎ᠡ ᠳᠤ ᠳᠣᠤᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄    ︵1︶ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ︵ᠡᠷᠬᠡᠪᠰᠢ ᠰᠢᠤᠳᠠᠨ ᠬᠠᠶᠢᠷᠴᠠᠭ ᠯᠤᠭ᠎ᠠ ᠶᠠᠪᠤᠭᠤᠯᠤᠭᠰᠠᠨ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ᠨᠢᠭᠡᠲᠡᠢ︶    ︵2︶ ᠬᠦᠴᠦᠨ ᠲᠠᠢ ᠬᠤᠭᠤᠴᠠᠭᠠᠨ ᠤ ᠳᠣᠲᠤᠷᠠᠬᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠳᠠᠷᠤᠮᠠᠯᠯᠠᠯ    ︵3︶ ᠡᠷᠦᠭᠡ ᠠᠮᠠ ᠶᠢᠨ ᠳᠡᠪᠲᠡᠷ ᠪᠣᠯᠣᠨ ᠬᠡᠪᠯᠡᠭᠰᠡᠨ ᠮᠠᠲ᠋ᠧᠷᠢᠶᠠᠯ    ︵4︶ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠦᠴᠦᠨ ᠪᠥᠬᠦᠶ ᠬᠤᠭᠤᠴᠠᠭᠠᠨ ᠳᠠᠬᠢ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠳ᠋ᠷᠣᠨ ᠳᠠᠩᠰᠠᠯᠠᠯᠲᠠ ᠶᠢᠨ ᠬᠦᠰᠦᠨᠦᠭᠲᠦ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ ᠶᠢ ᠬᠠᠩᠭᠠᠨ᠎ᠠ︔    ︵5︶ ᠭᠠᠳᠠᠭᠠᠳᠤ ᠳᠤ ᠰᠤᠷᠤᠯᠴᠠᠵᠤ ᠪᠠᠶᠢᠭ᠎ᠠ ᠬᠥᠮᠥᠰ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠠᠯ︾ ᠬᠠᠩᠭᠠᠵᠤ᠂ ᠭᠠᠳᠠᠭᠠᠳᠤ ᠳᠤ ᠰᠤᠷᠤᠯᠴᠠᠬᠤ ᠳᠡᠭᠡᠳᠦ ᠰᠤᠷᠭᠠᠭᠤᠯᠢ ᠶᠢᠨ ᠬᠢᠷᠢ ᠪᠦᠲᠦᠮᠵᠢ ᠶᠢᠨ ᠬᠠᠭᠤᠳᠠᠰᠤ ᠬᠠᠩᠭᠠᠨ᠎ᠠ︔    ︵6︶ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠨᠢᠭᠡᠴᠡ ᠶᠢᠨ ᠮᠡᠳᠡᠭᠦᠯᠦᠨ ᠰᠢᠯᠭᠠᠭᠤᠯᠬᠤ ᠶᠢ ᠵᠥᠪᠰᠢᠶᠡᠷᠡᠭᠰᠡᠨ ᠭᠡᠷᠡᠴᠢ ᠬᠠᠩᠭᠠᠨ᠎ᠠ︔    ︵7︶ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠱᠠᠭᠠᠷᠳᠠᠬᠤ ᠬᠤᠯᠪᠣᠭᠳᠠᠯ ᠪᠦᠬᠦᠢ ᠪᠤᠰᠤᠳ ᠭᠡᠷᠡᠴᠢ ᠪᠠ ᠭᠡᠷᠡᠴᠢᠯᠡᠭᠰᠡᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ᠃    ᠤᠷᠢᠭᠳᠠᠬᠤ ᠬᠥᠮᠦᠰ ᠡᠷᠬᠡᠪᠰᠢ ᠬᠠᠩᠭᠠᠭᠰᠠᠨ ᠮᠠᠲ᠋ᠧᠷᠢᠶᠠᠯ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠣᠯᠤᠨ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ᠃ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠠᠶᠢᠪᠠᠯ᠂ ᠣᠷᠣᠭᠤᠯᠵᠤ ᠢᠷᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ᠂ ᠬᠤᠪᠢ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃    ᠭᠤᠷᠪᠠ᠂ ᠪᠤᠰᠤᠳ ᠵᠦᠢᠯ    ᠢᠯᠡ ᠨᠡᠶᠢᠲᠡᠯᠡᠬᠦ ᠴᠠᠭ ᠨᠢ 2025 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ ᠶᠠᠪᠤᠭᠳᠠᠨ᠎ᠠ᠃    ᠠᠰᠠᠭᠤᠨ ᠯᠠᠪᠯᠠᠬᠤ ᠤᠲᠠᠰᠤ᠄ 0474 - 6815156    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0474-6918020᠃    ᠱᠠᠩᠳᠤ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ    2025 ᠣᠨ ᠤ 5 ᠰᠠᠷ᠎ᠠ ᠶᠢᠨ 14 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2