ᠴᠢᠦ ᠵᠢᠶᠦ᠋ᠨ ᠵᠢᠶᠧ 2025 ᠣᠨ ᠤ 5 ᠳ᠋ᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
  5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ 2025 ᠣᠨ ᠤ 5 ᠳ᠋ᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠮᠠᠨ ᠤ ᠰᠢᠶᠠᠨ ᠤ ᠤᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠪᠣᠯᠤᠨ ᠳᠤᠷ᠎ᠠ ᠪᠠᠷ ᠢᠶᠠᠨ ᠠᠯᠠᠵᠤ ᠨᠢᠲᠤᠯᠬᠤ ᠶᠢ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠤᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷ ᠲᠦᠪᠡᠭᠲᠡᠢ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠢ ᠦᠨᠡᠨᠬᠦ ︽ᠰᠡᠳᠬᠢᠯ ᠠᠮᠤᠷ︾ ᠪᠣᠯᠭᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠬᠢ ᠡᠭᠦᠰᠦᠯ ᠠᠴᠠ ᠨᠢ ᠵᠠᠰᠠᠬᠤ ᠪᠠ ᠪᠦᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠪᠦᠬᠦ ᠰᠢᠶᠠᠨ ᠤ ᠮᠢᠬᠠᠨ ᠤ ᠲᠦᠷᠦᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2