ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ | ᠰᠠᠶᠢᠲᠤᠷ ᠬᠢᠬᠦ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠱᠠᠩᠳᠤ ᠰᠢᠶᠠᠨ ᠤ 2025 ᠣᠨ ᠤ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠤ ᠱᠢ ᠵᠢᠢ ᠪᠠᠭ᠎ᠠ | ᠰᠤᠷᠭᠠᠭᠤᠯᠢ ᠳᠤ ᠶᠠᠪᠤᠭᠳᠠᠪᠠ᠃ ᠰᠢᠶᠠᠨ ᠤ ᠤᠳᠤᠷᠢᠳᠤᠯᠭ᠎ᠠ ᠮᠧᠩ ᠽᠧ ᠴᠢᠶᠦ᠋ᠩ᠂ ᠸᠠᠩ ᠬᠤ᠋ ᠵᠢᠶᠦ᠋ᠨ᠂ ᠵᠤᠤ | ᠭᠦᠸᠧ ᠸᠧᠨ᠂ ᠰᠢᠤᠸᠠᠢ ᠮᠧᠢ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ | ᠃ ᠸᠠᠩ ᠬᠤ᠋ ᠵᠢᠶᠦ᠋ᠨ ᠶᠣᠰᠣᠯᠠᠯ ᠳᠡᠭᠡᠷ᠎ᠡ ᠬᠤᠯᠪᠣᠭᠳᠠᠯ ᠪᠦᠬᠦᠢ ᠨᠢᠭᠡᠴᠢ ᠰᠠᠯᠠᠭ᠎ᠠ ᠮᠥᠴᠢᠷ ᠤᠨ ᠬᠢᠨ ᠲᠤᠰ | ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠣᠯᠤᠨ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠭᠠᠷ ᠬᠤᠯᠪᠣᠨ ᠮᠥᠷᠥ ᠵᠡᠷᠭᠡᠴᠡᠵᠦ᠂ ᠰᠡᠳᠬᠢᠯ ᠨᠢᠭᠡᠳᠦᠨ | ᠬᠠᠮᠲᠤ ᠪᠠᠷ ᠤᠷᠤᠭᠰᠢᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠰᠢᠶᠠᠨ ᠢ ᠢᠳᠡᠪᠬᠢᠲᠡᠢ ᠴᠢᠷᠮᠠᠶᠢᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ᠃ | ᠵᠤᠤ ᠭᠦᠸᠧ ᠸᠧᠨ ᠶᠣᠰᠣᠯᠠᠯ ᠢ ᠡᠷᠬᠢᠯᠡᠪᠡ᠃ | ᠠᠵᠢᠯᠲᠠᠳ ᠱᠢ ᠵᠢᠢ ᠪᠠᠭ᠎ᠠ ᠰᠤᠷᠭᠠᠭᠤᠯᠢ ᠶᠢᠨ ᠰᠤᠷᠤᠭᠴᠢᠳ ᠲᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠪᠦᠯᠬᠦᠮᠳᠡᠯ ᠤᠨ ᠰᠠᠶᠢᠨ ᠪᠠᠭᠠᠴᠤᠳ︾ ᠭᠡᠬᠦ ᠭᠤᠣᠯ ᠰᠡᠳᠦᠪᠲᠦ ᠮᠡᠳᠡᠯᠭᠡ ᠶᠢᠨ ᠲᠠᠶᠢᠯᠤᠮᠵᠢ ᠶᠢ ᠰᠠᠶᠢᠲᠤᠷ ᠬᠢᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ | ᠠᠭᠤᠯᠤᠭᠳᠠᠬᠤᠨ ᠤ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠰᠤᠷᠤᠭᠴᠢᠳ ᠢ | ᠬᠦᠳᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ | ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠪᠠ᠃ ᠳᠠᠷᠠᠭ᠎ᠠ ᠨᠢ᠂ ᠱᠢ | ᠵᠢᠢ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ᠳᠣᠲᠣᠷᠠᠬᠢ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ ᠰᠣᠨᠣᠰᠬᠤ ᠪᠠᠷ ᠳᠡᠮᠵᠢᠨ᠂ ᠰᠤᠷᠤᠭᠴᠢᠳ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ | ᠪᠣᠯᠤᠨ ᠦᠨᠳᠦᠰᠦᠲᠡᠨ ᠤ ᠬᠠᠤᠯᠢ ᠪᠠᠷ ᠵᠠᠰᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ | ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠵᠤᠵᠠᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠴᠢᠩᠭᠠᠳᠬᠠᠪᠠ᠃ ᠱᠠᠩᠳᠤ ᠰᠢᠶᠠᠨ ᠤ ᠱᠢ ᠵᠢᠢ ᠪᠠᠭ᠎ᠠ | ᠰᠤᠷᠭᠠᠭᠤᠯᠢ ᠶᠢᠨ ᠰᠤᠷᠤᠭᠴᠢ ᠰᠢᠤᠢ ᠲᠢᠶᠠᠨ ᠶᠢᠨ᠄ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠢ ᠭᠦᠨᠵᠡᠭᠡᠢ ᠮᠡᠳᠡᠷᠡᠪᠡ᠃ ᠪᠢ ︽ᠭᠤᠷᠪᠠᠨ ᠰᠠᠯᠵᠤ ᠴᠢᠳᠠᠬᠤ ᠦᠭᠡᠢ︾ | ᠂ ︽ᠲᠦᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠶᠢ ᠨᠡᠩ ᠭᠦᠨᠵᠡᠭᠡᠢ ᠣᠶᠢᠯᠠᠭᠠᠯᠲᠠ ᠲᠠᠢ | ᠪᠣᠯᠤᠭᠰᠠᠨ ᠪᠥᠭᠡᠳ ᠦᠨᠳᠦᠰᠦᠲᠡᠨ ᠨᠦᠭᠦᠳ ᠨᠢᠭᠡ ᠲᠠᠩᠬᠢᠮ ᠳᠤ ᠴᠤᠭᠯᠠᠷᠠᠵᠤ᠂ ᠠᠨᠠᠷ ᠤᠨ ᠦᠷ᠎ᠡ ᠰᠢᠭ ᠨᠢᠭᠲᠠ | ᠬᠤᠯᠪᠣᠯᠳᠤᠵᠤ ᠪᠠᠶᠢᠬᠤ ᠶᠢ ᠦᠨᠡᠨ ᠬᠦ ᠣᠶᠢᠯᠠᠭᠠᠪᠠ᠃ ᠰᠢᠨ᠎ᠡ ᠴᠠᠭ ᠦᠶ᠎ᠡ ᠶᠢᠨ ᠰᠤᠷᠤᠭᠴᠢ ᠪᠣᠯᠤᠭᠰᠠᠨ ᠤ | ᠬᠤᠪᠢ ᠳᠤ᠂ ᠪᠢᠳᠡ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠢᠳᠡᠪᠬᠢᠲᠡᠢ ᠤᠯᠠᠮᠵᠢᠯᠠᠵᠤ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ ᠶᠢᠨ | ᠬᠦᠷᠢᠶᠡᠨ ᠤ ᠳᠣᠲᠣᠷ᠎ᠠ ᠭᠠᠳᠠᠨ᠎ᠠ ᠡᠭᠦᠷᠢᠳᠡ ᠳᠡᠯᠭᠡᠷᠡᠭᠦᠯᠬᠦ ᠬᠡᠷᠡᠭᠲᠡᠢ︾ ᠭᠡᠵᠦ ᠬᠡᠯᠡᠪᠡ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |