5 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠴᠢ ᠲᠠᠢ | ᠪᠠᠯᠭᠠᠰᠤ᠂ ᠰᠠᠨ ᠳ᠋ᠠ ᠴᠢᠩ ᠰᠢᠶᠠᠩ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ | ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ | ᠂ ᠬᠠᠤᠯᠢ ᠲᠣᠭᠲᠠᠭᠠᠯ ᠠᠴᠠ ᠵᠥᠷᠢᠴᠡᠨ ᠤᠢ ᠰᠢᠭᠤᠢ ᠡᠪᠡᠰᠦ ᠪᠡᠯᠴᠢᠭᠡᠷ ᠢ ᠡᠵᠡᠯᠡᠭᠰᠡᠨ ᠠᠰᠠᠭᠤᠳᠠᠯ ᠢ ᠴᠡᠭᠴᠡᠯᠡᠨ | ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠲᠤᠬᠠᠢ ᠶᠢᠨ ᠲᠠᠯᠠᠪᠤᠷ ᠲᠤ | ᠠᠵᠢᠯᠯᠠᠵᠤ᠂ ᠲᠤᠰᠢᠶᠠᠨ ᠰᠢᠢᠳᠪᠦᠷᠢᠯᠡᠭᠦᠯᠦᠭᠰᠡᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠪᠡ᠃ | ᠶᠠᠩ ᠸᠧᠨ ᠾᠦᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠴᠢᠨᠠᠭᠰᠢᠳᠠ | ᠴᠢᠩᠭᠠᠳᠬᠠᠵᠤ᠂ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠠᠮᠢ | ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ | ᠠᠭᠤᠷᠬᠠᠢ ᠶᠢᠨ ᠠᠵᠤ ᠠᠬᠤᠶᠢᠯᠠᠯ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠵᠤ᠂ ᠬᠡᠨ ᠡᠪᠳᠡᠪᠡᠯ ᠬᠡᠨ ᠵᠠᠰᠠᠬᠤ︾ ᠵᠠᠷᠴᠢᠮ | ᠶᠣᠰᠣᠭᠠᠷ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠩᠭᠡᠨ ᠲᠠᠯ᠎ᠠ ᠠᠴᠠ | ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠪᠠ ᠬᠤᠳᠠᠯ ᠬᠠᠭᠤᠷᠮᠠᠭ ᠢᠶᠠᠷ | ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠰᠡᠷᠭᠦᠭᠡᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠳᠦᠷ ᠲᠤᠲᠤᠮ ᠤᠨ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠂ ᠪᠠᠶᠢᠩᠭᠤ ᠶᠢᠨ ᠲᠣᠭᠤᠷᠢᠨ ᠪᠠᠶᠢᠴᠠᠭᠠᠬᠤ ᠲᠣᠭᠲᠠᠴᠠ ᠪᠠᠨ | ᠲᠡᠭᠦᠯᠳᠡᠷᠵᠢᠭᠦᠯᠵᠦ᠂ ᠠᠮᠢ ᠠᠬᠤᠶ ᠶᠢ ᠡᠪᠳᠡᠬᠦ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ | ᠵᠣᠭᠰᠣᠭᠠᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠮᠢ | ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃ | ᠶᠠᠩ ᠸᠧᠨ ᠾᠦᠢ ᠪᠠᠰᠠ ᠶᠠᠪᠤᠬᠤ ᠶᠢᠨ ᠳᠠᠭᠠᠤ ᠦᠵᠡᠬᠦ ᠬᠡᠯᠪᠡᠷᠢ ᠪᠠᠷ ᠤᠢ ᠰᠢᠭᠤᠢ ᠶᠢ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠵᠦ᠂ ᠵᠠᠮ ᠳᠠᠭᠠᠤ ᠭᠤᠣᠯ ᠤᠨ ᠵᠠᠮ ᠢ ᠵᠠᠰᠠᠬᠤ᠂ ᠤᠢ ᠰᠢᠭᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠪᠠ ᠡᠳᠦᠷ ᠲᠤᠳᠤᠮ ᠤᠨ ᠲᠣᠭᠤᠷᠢᠨ | ᠬᠠᠮᠠᠭᠠᠯᠠᠬᠤ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠤᠢ ᠰᠢᠭᠤᠢ ᠶᠢᠨ | ᠳᠠᠷᠤᠭ᠎ᠠ ᠶᠢᠨ ᠳᠦᠷᠢᠮ︾᠂ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ | ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢ ᠰᠡᠷᠭᠦᠭᠡᠬᠦ᠂ ᠤᠢ ᠰᠢᠭᠤᠢ ᠶᠢ ᠠᠷᠠᠴᠢᠯᠠᠨ | ᠪᠤᠶᠢᠵᠢᠭᠤᠯᠬᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠢ ᠭᠡᠵᠦ ᠬᠡᠯᠡᠪᠡ᠃ | ᠴᠧᠨ ᠶᠠ ᠮᠢᠩ᠂ ᠶᠠᠩ ᠶᠦᠩ ᠣᠷᠣᠯᠴᠠᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |