︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ | ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ | ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠱᠠᠩᠳᠤ ᠰᠢᠶᠠᠨ ᠤ ᠬᠤᠲᠠ ᠶᠢᠨ ᠰᠢᠨ᠎ᠡ | ᠡᠨᠧᠷᠭᠢ ᠶᠢᠨ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠵᠦ᠂ ᠣᠯᠠᠨ ᠨᠡᠶᠢᠲᠡ ᠶᠢᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠬᠤᠷᠢᠶᠠᠪᠠ | ᠃ | ᠨᠢᠭᠡ᠂ ᠲᠥᠷᠥᠯ ᠵᠦᠢᠯ ᠤᠨ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠱᠠᠩᠳᠤ ᠰᠢᠶᠠᠨ ᠤ ᠬᠤᠲᠠ ᠶᠢᠨ ᠰᠢᠨ᠎ᠡ ᠡᠨᠧᠷᠭᠢ ᠶᠢᠨ ᠲᠡᠷᠭᠡᠨ | ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | 2. ᠲᠥᠷᠥᠯ ᠵᠦᠢᠯ ᠤᠨ ᠨᠢᠭᠡᠴᠡ᠄ ᠱᠠᠩᠳᠤ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ | 3. ᠪᠥᠲᠥᠭᠡᠨ ᠪᠠᠶᠢᠭᠤᠯᠬᠤ ᠭᠠᠵᠠᠷ᠄ ᠱᠠᠩᠳᠤ ᠰᠢᠶᠠᠨ ᠤ ᠴᠢ ᠲᠠᠢ ᠪᠠᠯᠭᠠᠰᠤᠨ ᠤ ᠬᠤᠩ ᠰᠢᠩ ᠵᠡᠭᠡᠯᠢ ᠶᠢᠨ | ᠳᠥᠷᠪᠡᠳᠦᠭᠡᠷ ᠳᠡᠰ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠤᠶᠢᠲᠤ ᠲᠠᠯ᠎ᠠ | 4. ᠪᠡᠯᠡ ᠣᠷᠣᠭᠤᠯᠤᠯᠲᠠ ᠶᠢᠨ ᠬᠡᠪᠴᠢᠶ᠎ᠡ᠄ 3117 ᠲᠦᠮᠡᠨ ᠲᠥᠭᠦᠷᠢᠭ | 5. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ | ᠲᠤᠰ ᠲᠥᠷᠥᠯ ᠵᠦᠢᠯ ᠤᠨ ᠡᠵᠡᠯᠡᠬᠦ ᠲᠠᠯᠠᠪᠠᠶ ᠨᠢ 23146 ᠺᠦᠸᠠᠳ᠋ ᠮᠧᠲᠷ᠂ ᠪᠠᠷᠢᠯᠭ᠎ᠠ ᠶᠢᠨ ᠲᠠᠯᠠᠪᠠᠶ ᠨᠢ | 6730 ᠺᠦᠸᠠᠳ᠋ ᠮᠧᠲᠷ᠂ ᠪᠦᠲᠦᠭᠡᠨ ᠪᠠᠶᠢᠭᠤᠯᠬᠤ ᠠᠭᠤᠯᠭ᠎ᠠ ᠳᠤ᠄ ᠰᠢᠨ᠎ᠡ ᠪᠠᠷ ᠴᠠᠬᠢᠯᠭᠠᠨ ᠴᠡᠨᠡᠭᠯᠡᠬᠦ | ᠦᠢᠯᠡᠳᠪᠦᠷᠢ ᠶᠢᠨ ᠲᠠᠰᠤᠭ 1000 ᠺᠦᠸᠠᠳ᠋ ᠮᠧᠳ᠋ᠷ᠂ ᠲᠡᠷᠭᠡ ᠤᠬᠢᠶᠠᠬᠤ ᠦᠢᠯᠡᠳᠪᠦᠷᠢ ᠶᠢᠨ ᠲᠠᠰᠤᠭ 1000 | ᠺᠦᠸᠠᠳ᠋ ᠮᠧᠲᠷ᠂ ᠲᠡᠷᠭᠡᠨ ᠤ ᠬᠥᠮᠥᠷᠭᠡ ᠶᠢᠨ ᠪᠠᠷᠢᠯᠭ᠎ᠠ ᠶᠢᠨ ᠲᠠᠯᠠᠪᠠᠶ 560 ᠺᠦᠸᠠᠳ᠋ ᠮᠧᠳ᠋ᠷ᠂ ᠡᠭᠦᠳᠡᠨ | ᠬᠠᠮᠠᠭᠠᠯᠠᠯᠲᠠ 30 ᠺᠦᠸᠠᠳ᠋ ᠮᠧᠲᠷ᠂ ᠴᠠᠬᠢᠯᠭᠠᠨ ᠲᠦᠭᠡᠭᠡᠬᠦ ᠲᠠᠰᠤᠭ 140 ᠺᠦᠸᠠᠳ᠋ ᠮᠧᠲᠷ᠂ | ᠨᠣᠭᠤᠭᠠᠷᠠᠭᠤᠯᠤᠯᠲᠠ ᠶᠢᠨ ᠲᠠᠯᠠᠪᠠᠶ ᠨᠢ 5800 ᠺᠦᠸᠠᠳ᠋ ᠮᠧᠲᠷ᠂ ᠵᠠᠮ ᠤᠨ ᠬᠠᠲᠠᠭᠤᠷᠠᠭᠤᠯᠤᠭᠰᠠᠨ ᠲᠠᠯᠠᠪᠠᠶ | 10616 ᠺᠦᠸᠠᠳ᠋ ᠮᠧᠲᠷ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠂ ᠪᠣᠳᠠᠲᠠᠶ ᠬᠡᠯᠪᠡᠷᠢ ᠵᠢᠴᠢ ᠬᠤᠭᠤᠴᠠᠭ᠎ᠠ | ᠬᠢᠵᠠᠭᠠᠷ | 1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠨᠳᠤᠬᠤ ᠣᠪᠣᠷ︔ | 2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠡᠭᠦᠰᠬᠦ ᠪᠣᠯᠤᠯᠴᠠᠭ᠎ᠠ ᠲᠠᠢ︔ | 3᠂ ᠲᠠ ᠲᠤᠰ ᠲᠥᠷᠥᠯ ᠵᠦᠢᠯ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠪᠠᠶᠢᠬᠤ ᠪᠤᠢ︔ | ᠣᠯᠠᠨ ᠨᠡᠶᠢᠲᠡ ᠪᠠᠷ ᠢᠶᠠᠨ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ | ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠨ ᠵᠢᠱᠢᠬᠦ | ᠨᠢᠭᠡᠴᠡ ᠪᠠᠷ ᠳᠠᠮᠵᠢᠭᠤᠯᠤᠨ ᠤᠲᠠᠰᠤ ᠪᠠᠷ ᠬᠠᠷᠢᠭᠤ ᠲᠤᠰᠬᠠᠨ᠎ᠠ᠃ | ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ | ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠱᠠᠩᠳᠤ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ | ᠬᠤ ᠸᠧᠢ | ᠬᠠᠷᠢᠯᠴᠠᠬᠤ ᠤᠲᠠᠰᠤ᠄ 0474 - 6917007 | ᠨᠢᠭᠡᠴᠡ ᠶᠢᠨ ᠬᠠᠶ᠋ᠢᠭ᠄ ᠱᠠᠩᠳᠤ ᠰᠢᠶᠠᠨ ᠤ ᠴᠢ ᠲᠠᠢ ᠪᠠᠯᠭᠠᠰᠤᠨ ᠤ ᠠᠮᠢ ᠠᠬᠤᠶ ᠶᠢᠨ ᠲᠠᠯᠠᠪᠠᠶ ᠶᠢᠨ ᠵᠡᠭᠦᠨ | ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠶᠦᠨ ᠬᠠᠩ ᠲᠥᠷᠥᠯ ᠵᠦᠢᠯ ᠤᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ | ᠬᠠᠷᠢᠯᠴᠠᠭᠴᠢ᠄ ᠯᠢ ᠵᠠᠨ ᠶᠢᠩ | ᠬᠠᠷᠢᠯᠴᠠᠬᠤ ᠤᠲᠠᠰᠤ᠄ 18147415500 | ᠪᠠᠶᠢᠭᠤᠯᠭ᠎ᠠ ᠶᠢᠨ ᠬᠠᠶ᠋ᠢᠭ᠄ ᠵᠢᠨᠢᠩ ᠲᠣᠭᠤᠷᠢᠭ ᠤᠨ ᠹᠦ᠋ ᠴᠧᠩ ᠶᠤᠸᠠᠨ ᠲᠣᠭᠤᠷᠢᠭ ᠤᠨ ᠭᠤᠷᠪᠠᠳᠤᠭᠠᠷ ᠠᠰᠠᠷ | - 2 ᠨᠢᠭᠡᠴᠢ - 1201 ᠨᠡᠪᠲᠡᠷᠬᠡᠢ | ᠱᠠᠩᠳᠤ ᠱᠢᠶᠠᠨ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | 2025 ᠣᠨ ᠤ 5 ᠰᠠᠷ᠎ᠠ ᠶᠢᠨ 19 ᠤ ᠡᠳᠦᠷ |