ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/21
  5 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠳᠡᠭᠡᠷ᠎ᠡ ᠬᠦᠴᠦ ᠲᠠᠯᠪᠢᠵᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠢ ᠵᠠᠳᠠᠯᠵᠤ᠂ ᠰᠤᠷᠤᠯᠴᠠᠬᠤ ᠶᠢᠨ ᠳᠠᠭᠠᠤ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ ᠶᠢ ᠢᠮᠠᠭᠲᠠ ᠲᠤᠤᠱᠯᠠᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠱᠠᠳᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠵᠤ᠂ ᠱᠠᠩᠳᠤ ᠰᠢᠶᠠᠨ ᠤ ᠬᠥᠭᠵᠢᠯᠲᠡ ᠶᠢᠨ ᠬᠠᠷᠠᠯᠲᠠ ᠡᠭᠦᠷᠭᠡ ᠶᠢ ᠵᠣᠬᠢᠰᠲᠠᠢ ᠲᠣᠭᠲᠠᠭᠠᠵᠤ᠂ ᠰᠡᠳᠬᠢᠴᠡ ᠠᠷᠭ᠎ᠠ ᠬᠡᠮᠵᠢᠶ᠎ᠡ ᠶᠢ ᠳᠤᠷᠠᠳᠴᠤ᠂ ᠰᠢᠰᠲ᠋ᠧᠮᠲᠦ ᠰᠡᠳᠬᠢᠬᠦᠢ ᠶᠢ ᠠᠰᠢᠭᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠮᠠᠨ ᠤ ᠰᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃    ᠬᠤᠷᠠᠯ ᠠᠴᠠ᠂ ᠭᠤᠣᠯᠳᠠᠯᠭ᠎ᠠ ᠲᠠᠢ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠶᠠᠪᠤᠴᠠ ᠪᠠᠷ ᠠᠬᠢᠭᠤᠯᠵᠤ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨ ᠠᠰᠢᠭᠲᠠᠢ ᠴᠠᠭ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠪᠦᠯᠬᠦᠮ ᠳᠠᠭᠠᠭᠤᠯᠤᠨ ᠠᠷᠠᠯᠵᠢᠶᠠᠴᠢᠨ ᠤᠷᠢᠵᠤ᠂ ᠪᠦᠬᠦ ᠶᠠᠪᠤᠴᠠ ᠶᠢᠨ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ ᠠᠵᠤ ᠠᠬᠤᠶᠢᠯᠠᠯ ᠤᠨ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2