5 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ | ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠠᠩ ᠸᠧᠨ ᠾᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠤᠯᠤᠰ ᠤᠨ ᠬᠥᠳᠡᠯᠭᠡᠬᠦ ᠬᠦᠴᠦᠨ ᠤ | ᠵᠥᠪᠯᠡᠯ ᠤᠨ ᠡᠷᠬᠢᠯᠡᠭᠴᠢ ᠴᠢᠦ ᠵᠢᠶᠦ᠋ᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶ ᠬᠠᠶ ᠹᠧᠩ | 2024 ᠣᠨ ᠤ ᠪᠥᠬᠦ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠳ᠋ᠦᠩᠨᠡᠵᠦ᠂ | 2025 ᠣᠨ ᠤ ᠪᠥᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠤᠯᠤᠰ ᠲᠥᠷᠥ ᠶᠢᠨ ᠭᠡᠰᠢᠭᠦᠨ ᠵᠠᠩ ᠴᠢᠩ ᠳ᠋ᠦᠩ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ | ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ | ᠬᠦᠴᠦᠨ ᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠯ︾ ᠪᠣᠯᠤᠨ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠭᠤᠤᠯ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠲᠤᠰᠢᠶᠠᠯ ᠤᠨ ᠮᠡᠳᠡᠭᠦᠯᠦᠯᠲᠡ ᠬᠢᠪᠡ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ | ᠪᠤᠳᠤᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠰᠢᠶᠠᠨ ᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠭᠤᠣᠯᠯᠠᠭᠴᠢ ᠶᠢ ᠬᠠᠮᠠᠭᠠᠯᠠᠬᠤ᠂ ᠨᠠᠮ ᠤᠨ ᠵᠢᠯᠤᠭᠤᠳᠤᠯᠭ᠎ᠠ ᠶᠢ ᠳᠠᠭᠠᠬᠤ ᠡᠨᠡᠬᠦ | ᠦᠨᠳᠦᠰᠦᠨ ᠵᠦᠢᠯ ᠢ ᠪᠠᠲᠤ ᠠᠳᠬᠤᠵᠤ᠂ ᠵᠡᠪᠰᠡᠭᠲᠦ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠴᠢᠩᠭᠠᠳᠬᠠᠬᠤ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠵᠦ ᠤᠷᠤᠭᠰᠢᠯᠠᠨ ᠳᠠᠪᠰᠢᠬᠤ ᠶᠢ ᠪᠣᠳᠣᠯᠬᠢᠯᠠᠵᠤ᠂ ᠳᠠᠶᠢᠴᠢᠯᠠᠬᠤ | ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠠᠶᠢᠨ ᠳᠤ ᠪᠡᠯᠡᠳᠬᠡᠵᠦ ᠲᠠᠶᠢᠨ ᠬᠢᠬᠦ ᠤᠬᠠᠮᠰᠠᠷ ᠢᠶᠠᠨ | ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ | ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ | ᠦᠷᠭᠦᠯᠵᠢᠯᠡᠨ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠳᠠᠷᠤᠭ᠎ᠠ ᠪᠠᠶᠢᠯᠳᠤᠭᠴᠢᠳ ᠲᠤ ᠪᠣᠳᠠᠲᠠᠢ | ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠪᠦᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠠᠩᠬᠢ ᠪᠠ ᠣᠷᠣᠨ ᠨᠤᠲᠤᠭ ᠴᠡᠷᠢᠭ | ᠠᠷᠠᠳ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |