5 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠲᠤᠰᠬᠠᠢ | ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠦᠷᠢᠶᠡᠨ ᠳᠠᠬᠢ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ | ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠮᠥᠨ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠬᠠᠷᠢᠭᠤᠯᠲᠠ ᠥᠭᠬᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ | ᠮᠥᠨ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ | ᠨᠢᠭᠡᠨᠲᠡ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠠᠰᠠᠭᠤᠳᠠᠯ ᠳᠤ ᠴᠢᠭᠯᠡᠭᠦᠯᠦᠨ ︽ᠡᠷᠬᠢᠨ ᠬᠠᠷᠠᠬᠤ︾ | ᠠᠵᠢᠯ ᠢ ᠥᠷᠨᠢᠭᠦᠯᠬᠦ ᠶᠢᠨ ᠬᠠᠮᠲᠤ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦ ᠲᠠᠯ᠎ᠠ ᠪᠠᠷ ᠲᠦᠢᠯᠪᠤᠷᠢᠲᠠᠢ | ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ | ᠪᠠᠷᠢᠮᠲᠠᠯᠠᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠡᠬᠢ | ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ | ᠴᠢᠩᠭᠠᠳᠬᠠᠵᠤ᠂ ᠠᠳᠠᠯᠢ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾᠂ ︽ | ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠲᠠᠭᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠳᠥᠭᠦᠮᠴᠢᠯᠡᠬᠦ᠂ ︽ᠨᠢᠭᠡ ᠯᠡ ᠠᠳᠠᠯᠢ ᠪᠠᠷ ᠱᠠᠭᠠᠷᠳᠠᠬᠤ︾ ᠪᠠ ︽ | ᠲᠠᠮᠢᠷ ᠤᠨ ᠬᠥᠳᠡᠯᠭᠡᠭᠡᠨ ᠤ ᠮᠠᠶ᠋ᠢᠭ︾ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ | ᠦᠷᠭᠦᠯᠵᠢᠯᠡᠨ ᠰᠠᠶᠢᠵᠢᠷᠠᠬᠤ ᠶᠢ ᠦᠨᠡᠨ ᠬᠦ ᠠᠬᠢᠭᠤᠯᠬᠤ ᠬᠡᠷᠡᠭᠲᠡᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |