ᠴᠢᠦ ᠵᠢᠶᠦ᠋ᠨ ᠵᠢᠶᠧ 2025 ᠣᠨ ᠤ ᠵᠢᠷᠭᠤᠳᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
  5 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ 2025 ᠣᠨ ᠤ 6 ᠳ᠋ᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠴᠠᠯᠢᠩ ᠥᠷᠢᠲᠦᠬᠦ ᠶᠢ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠯᠢᠩ ᠥᠷᠢᠲᠦᠬᠦ ᠠᠰᠠᠭᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠠᠷ ᠪᠠᠷᠠᠬᠤ ᠥᠬᠡᠶ ᠨᠠᠩ ᠴᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠨᠥᠯᠥᠭᠡᠯᠡᠬᠦ ᠵᠠᠩᠭᠢᠯᠠᠭ᠎ᠠ ᠶᠢᠨ ᠬᠦᠴᠦᠨ ᠵᠦᠢᠯ ᠪᠣᠯᠬᠤ ᠶᠢ ᠭᠦᠨᠵᠡᠭᠡᠶ ᠲᠠᠨᠢᠵᠤ᠂ ᠡᠷᠬᠡᠪᠰᠢ ᠲᠡᠭᠦᠨ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠯᠴᠠᠨ ᠲᠦᠯᠬᠢᠯᠴᠡᠬᠦ ᠦᠵᠡᠭᠳᠡᠯ ᠢ ᠡᠷᠡᠰ ᠬᠤᠷᠢᠭᠯᠠᠵᠤ᠂ ᠪᠠᠶᠢᠴᠠᠭᠠᠨ ᠳᠣᠲᠣᠯᠠᠭᠰᠠᠨ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠲᠦᠷᠭᠡᠨ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ︽ᠡᠷᠭᠢᠵᠦ ᠬᠠᠷᠠᠬᠤ︾ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠴᠠᠯᠢᠩ ᠥᠷᠢᠲᠦᠬᠦ ᠠᠰᠠᠭᠤᠳᠠᠯ ᠲᠠᠬᠢᠨ ᠡᠭᠦᠰᠬᠦ ᠶᠢ ᠡᠷᠡᠰ ᠰᠡᠷᠭᠡᠶᠢᠯᠡᠵᠦ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2