5 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ᠂ ᠭᠤᠴᠢᠨ ᠲᠠᠪᠤᠳᠤᠭᠠᠷ ᠪᠦᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ | ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ | ᠵᠡᠷᠭᠡ ᠶᠢ ᠰᠤᠷᠤᠯᠴᠠᠪᠠ᠃ | ᠬᠤᠷᠠᠯ ᠠᠴᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠡᠷᠦᠩᠬᠡᠢ | ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭᠠᠨ ᠤ ᠪᠠᠶᠠᠯᠢᠭ | ᠠᠭᠤᠯᠤᠭᠳᠠᠬᠤᠨ ᠪᠣᠯᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠡᠶ᠎ᠡ ᠪᠠᠷ ᠢᠶᠠᠨ ᠬᠡᠪ | ᠲᠦᠷᠢᠮ ᠪᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠤᠷᠳᠤ | ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ | ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ | ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠲᠠᠶᠢᠴᠢᠯᠠᠵᠦ᠂ ᠥᠭᠡᠳᠡᠯᠡᠨ ᠲᠠᠪᠰᠢᠬᠤ ᠶᠢ ᠳᠠᠶᠢᠴᠢᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠤ᠂ ᠮᠠᠨ ᠤ ᠰᠢᠶᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |