ᠱᠠᠩᠳᠤ ᠰᠢᠶᠠᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠪᠦᠬᠦ ᠣᠷᠣᠨ ᠪᠦᠰᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/22
 ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠮᠠᠨ ᠤ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠴᠡᠪᠡᠷᠯᠡᠬᠦ︾ ᠵᠢᠴᠢ ︽ᠬᠤᠪᠢᠯᠭᠠᠨ ᠢ ᠴᠡᠪᠡᠷᠯᠡᠬᠦ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠤᠷ ᠲᠦᠪᠰᠢᠨ ᠭᠤᠣᠯ ᠮᠥᠷᠡᠨ ᠨᠠᠭᠤᠷ ᠴᠥᠭᠦᠷᠥᠮ᠂ ᠡᠷᠡᠭᠦᠯ ᠡᠩᠬᠡ ᠭᠤᠣᠯ ᠮᠥᠷᠡᠨ ᠨᠠᠭᠤᠷ ᠴᠥᠭᠦᠷᠥᠮ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠬᠦᠴᠦᠯᠡᠨ ᠪᠦᠳᠦᠭᠡᠨ ᠪᠠᠶᠢᠭᠤᠯᠵᠤ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ ᠰᠡᠭᠦᠯᠴᠢ ᠠᠴᠠ ᠡᠬᠢᠯᠡᠨ᠂ ᠱᠠᠩᠳᠤ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠭᠤᠣᠯ ᠮᠥᠷᠡᠨ ᠨᠠᠭᠤᠷ ᠴᠥᠭᠦᠷᠥᠮ ᠤᠨ ᠪᠠᠶᠢᠩᠭᠤ ᠶᠢᠨ ᠪᠦᠬᠦ ᠣᠷᠣᠨ ᠪᠦᠰᠡ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ ᠲᠣᠰ ᠠᠵᠢᠯᠯᠠᠭ᠎ᠠ ᠨᠢ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠡᠨᠡ ᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠮᠠᠨ ᠤ ᠰᠢᠶᠠᠨ ᠲᠤᠰᠬᠠᠶ ᠳᠤᠭᠤᠶᠢᠯᠠᠩ ᠪᠠᠶᠢᠭᠤᠯᠵᠤ᠂ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠬᠦᠴᠦᠨ ᠢ ᠢᠳᠡᠪᠬᠢᠲᠡᠶ ᠪᠠᠷ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠬᠤᠪᠢᠶᠠᠷᠢᠯᠠᠯ ᠬᠢᠭᠡᠳ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠲᠣᠤᠷ ᠲᠠᠲᠠᠬᠤ ᠮᠠᠶ᠋ᠢᠭ ᠢᠶᠠᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠵᠢᠯᠣᠭᠤᠴᠢ ᠥᠬᠡᠶ ᠨᠢᠰᠬᠡᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠵᠢᠭᠰᠠᠭᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠤᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ︽ᠬᠤᠩᠭᠢᠯ ᠢ ᠴᠡᠪᠡᠷᠯᠡᠬᠦ ᠠᠵᠢᠯᠯᠠᠭ᠎ᠠ︾ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ︽2025 ᠣᠨ ᠳᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠠᠪᠤᠷ ᠤᠨ ᠤᠯᠠᠷᠢᠯ ᠤᠨ ᠠᠵᠢᠯᠯᠠᠭ᠎ᠠ ᠪᠣᠯ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠤᠰᠤ ᠲᠠᠢ ᠬᠤᠯᠪᠣᠭᠳᠠᠭᠰᠠᠨ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠬᠠᠪᠤᠷ ᠤᠨ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠬᠤ ᠶᠢᠨ ᠲᠥᠯᠥᠭᠡ᠂ ᠮᠠᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠤᠭ᠎ᠠ ᠬᠤᠯᠪᠣᠭᠠᠯᠠᠨ ᠪᠠᠶᠢᠩᠭᠤ ᠶᠢᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠢ ᠪᠥᠬᠦ ᠣᠷᠣᠨ ᠪᠦᠰᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠶ᠋ᠳᠪᠦᠷᠢᠯᠡᠬᠦ ᠪᠠ ᠴᠣᠬᠢᠯᠲᠠ ᠥᠭᠴᠦ᠂ ᠮᠠᠨ ᠤ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠵᠢᠴᠢ ︽ᠬᠤᠪᠢᠯᠭᠠᠨ ᠢ ᠴᠡᠪᠡᠷᠯᠡᠬᠦ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠤᠪᠴᠢᠶᠠᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠮᠠ ᠪᠥᠸᠧ ᠲᠠᠨᠢᠯᠴᠠᠭᠤᠯᠵᠠᠢ᠃ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠤᠯᠢ ᠬᠡᠷᠡᠭᠵᠢᠭᠦᠯᠬᠦ ᠡᠩᠨᠡᠭᠡ ᠲᠠᠢ ᠬᠠᠮᠲᠤᠷᠠᠨ ᠰᠢᠶᠠᠨ ᠤ ᠬᠡᠪᠴᠢᠶᠡᠨ ᠳᠠᠬᠢ ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠦᠷᠥᠮ ᠢ ᠣᠯᠠᠨ ᠤᠳᠠᠭ᠎ᠠ ᠲᠣᠭᠤᠷᠢᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠳᠠᠷᠤᠶ ᠲᠦᠷᠭᠡᠨ ᠪᠠᠶᠢᠴᠠᠭᠠᠵᠤ᠂ ᠮᠠᠨ ᠤ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2