ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠳ᠋ᠠ ᠾᠧᠢ | ᠱᠠ ᠲᠤ ᠪᠠᠯᠭᠠᠰᠤ ᠶᠢᠨ ᠬᠢᠨ ᠪᠠᠯᠭᠠᠰᠤᠨ ᠤ ᠤᠳᠤᠷᠢᠳᠬᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ | ᠱᠦᠵᠢ ᠶᠢ ᠵᠣᠬᠢᠶᠠᠨ ᠪᠠᠶᠢᠭᠤᠯᠵᠤ ︽ᠥᠴᠦᠬᠡᠨ ᠴᠦ ᠠᠭᠤᠴᠢᠯᠠᠬᠤ ᠦᠭᠡᠢ︾ ᠰᠡᠷᠡᠮᠵᠢᠯᠡᠭᠦᠯᠬᠦ ᠬᠥᠮᠦᠵᠢᠯ ᠤᠨ | ᠹᠢᠯᠢᠮ ᠢ ᠲᠥᠪᠯᠡᠷᠡᠭᠦᠯᠦᠨ ᠦᠵᠡᠵᠦ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ | ᠲᠣᠳᠣᠷᠬᠠᠶᠢᠯᠠᠵᠤ᠂ ᠰᠤᠷᠲᠠᠯ ᠴᠢᠬᠡᠴᠢ ᠣᠪᠣᠷ ᠲᠥᠪ ᠣᠷᠴᠢᠨ ᠲᠣᠭᠤᠷᠢᠨ ᠢ ᠴᠢᠨᠠᠭᠰᠢᠳᠠ ᠪᠤᠢ ᠪᠣᠯᠭᠠᠪᠠ᠃ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠳᠠᠬᠢ ᠰᠠᠬᠢᠯᠭ᠎ᠠ ᠪᠠᠲᠤ ᠶᠢ ᠵᠥᠷᠢᠴᠡᠭᠰᠡᠳ ᠤᠨ ᠭᠡᠮᠰᠢᠨ ᠤᠬᠠᠭᠠᠷᠠᠬᠤ᠂ | ᠰᠠᠬᠢᠯᠭ᠎ᠠ ᠪᠠᠲᠤ ᠬᠠᠤᠯᠢ ᠴᠠᠭᠠᠵᠠ ᠶᠢᠨ ᠵᠦᠢᠯ ᠵᠤᠷᠪᠤᠰ ᠢ ᠴᠢᠩᠭ᠎ᠠ ᠲᠠᠶᠢᠯᠪᠤᠷᠢᠯᠠᠵᠤ᠂ ᠪᠦᠬᠦ ᠪᠦᠷᠢᠯᠳᠦᠬᠦᠨ ᠳᠤ | ᠰᠡᠷᠡᠮᠵᠢ ᠶᠢᠨ ᠳᠣᠬᠢᠶ᠎ᠠ ᠥᠭᠪᠡ᠃ ᠣᠯᠠᠨ ᠢᠶᠠᠷ ᠢᠶᠠᠨ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ | ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠬᠡᠷᠡᠭᠲᠡᠢ᠃ | ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠦ᠋ ᠪᠥᠸᠧ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠳᠦᠷᠪᠡᠨ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠷᠯᠠᠨ ᠮᠡᠳᠡᠭᠳᠡᠭᠰᠡᠨ ᠪᠥᠭᠡᠳ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ | ᠡᠷᠡᠰ ᠪᠠᠲᠤ ᠡᠭᠦᠷᠭᠡᠯᠡᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ ︽ᠳᠥᠷᠪᠡᠨ ᠰᠤᠷᠲᠠᠯ | ︾ ᠳᠠᠬᠢᠨ ᠰᠡᠷᠭᠦᠬᠦ ᠶᠢ ᠴᠢᠩᠭ᠎ᠠ ᠰᠡᠷᠭᠡᠢᠯᠡᠨ᠎ᠡ᠃ ᠬᠡᠷᠡᠭ ᠢᠶᠠᠷ ᠴᠡᠭᠡᠷᠯᠡᠯ ᠪᠣᠯᠭᠠᠵᠤ᠂ ᠠᠷᠢᠭᠤᠨ ᠴᠢᠬᠡᠴᠢ ᠶᠢᠨ | ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ ᠶᠢ ᠴᠡᠪᠡᠷᠰᠢᠭᠦᠯᠵᠦ᠂ ︽ | ᠨᠠᠶᠢᠷ ᠲᠠᠯ᠎ᠠ ᠶᠢᠨ ᠶᠠᠪᠤᠯᠴᠠᠭ᠎ᠠ︾ ᠶᠢᠨ ᠳᠤᠮᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ | ᠰᠡᠷᠭᠡᠶᠢᠯᠡᠬᠦ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠳ᠋ᠠ ᠾᠧᠢ ᠱᠠ ᠲᠤ ᠪᠠᠯᠭᠠᠰᠤ ᠶᠢᠨ ᠬᠢᠨ ᠲᠤᠰ ᠤᠳᠠᠭ᠎ᠠ ᠶᠢᠨ ᠰᠡᠷᠡᠮᠵᠢᠯᠡᠭᠦᠯᠬᠦ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠬᠢᠵᠠᠭᠠᠷᠯᠠᠯ᠂ ᠰᠣᠶᠣᠯ ᠤᠨ ᠳᠠᠪᠲᠠᠯᠲᠠ | ᠂ ᠭᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠵᠡᠷᠭᠡ ᠤᠯᠠᠨ ᠲᠠᠯ᠎ᠠ ᠠᠴᠠ ᠬᠦᠴᠦᠯᠡᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠤᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |