5 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠰᠢᠶᠠᠨ ᠤ ᠳᠠᠷᠤᠭ᠎ᠠ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ | ᠵᠥᠪᠯᠡᠯ ᠤᠨ 2025 ᠣᠨ ᠤ 2 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠵᠢᠷᠤᠭ | ᠲᠥᠯᠥᠪᠯᠡᠭᠡ ᠶᠢᠨ ᠲᠥᠰᠦᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠲᠦᠷᠦᠯ ᠵᠦᠢᠯ ᠤᠨ ᠲᠥᠯᠥᠪᠵᠢᠭᠦᠯᠭᠡ ᠶᠢ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ | ᠠᠯᠤᠰ ᠬᠡᠳᠦ ᠶᠢ ᠪᠣᠳᠣᠯᠬᠢᠯᠠᠵᠤ᠂ ᠮᠠᠨ ᠤ ᠰᠢᠶᠠᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠲᠠᠢ ᠨᠢᠭᠲᠠ ᠨᠡᠶᠢᠴᠡᠭᠦᠯᠬᠦ ᠬᠡᠷᠡᠭᠲᠡᠢ᠃ ᠲᠥᠷᠥᠯ ᠵᠦᠢᠯ ᠳᠤ ᠬᠤᠯᠪᠣᠭᠳᠠᠬᠤ | ᠨᠢᠭᠡᠴᠡ ᠨᠦᠭᠦᠳ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠢᠩᠭᠡᠭᠡᠨ ᠠᠪᠴᠤ᠂ | ᠵᠢᠷᠤᠭ ᠲᠥᠯᠥᠪᠯᠡᠭᠡ ᠶᠢᠨ ᠲᠥᠰᠦᠯ ᠢᠶᠠᠨ ᠰᠢᠯᠢᠳᠡᠭᠵᠢᠭᠦᠯᠦᠨ᠂ ᠲᠥᠯᠥᠪᠵᠢᠭᠦᠯᠭᠡ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠨᠢ ᠲᠣᠳᠣᠷᠬᠠᠶ᠂ ᠣᠷᠣᠨ ᠵᠠᠶ ᠶᠢᠨ ᠪᠠᠶᠢᠷᠢᠰᠢᠭᠤᠯᠤᠯ ᠨᠢ ᠵᠦᠶ ᠵᠣᠬᠢᠰᠲᠠᠶ᠂ ᠬᠥᠭᠵᠢᠯᠲᠡ ᠶᠢᠨ | ᠵᠢᠯᠣᠭᠤᠳᠤᠮᠵᠢ ᠨᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠵᠠᠷᠴᠢᠮ ᠢ ᠪᠠᠲᠤ ᠰᠠᠬᠢᠵᠤ᠂ | ᠲᠥᠯᠥᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ᠂ ᠴᠢᠩᠭ᠎ᠠ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ | ᠲᠥᠯᠥᠪᠵᠢᠭᠦᠯᠭᠡ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠬᠠᠮᠠᠭᠠᠯᠠᠬᠤ ᠬᠡᠷᠡᠭᠲᠡᠶ᠃ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ | ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠢ | ᠡᠷᠲᠡᠬᠡᠨ ᠪᠠᠶᠢᠭᠤᠯᠵᠤ ᠦᠷ᠎ᠡ ᠠᠰᠢᠭ ᠢ ᠨᠢ ᠪᠠᠳᠠᠷᠠᠭᠤᠯᠬᠤ ᠶᠢ ᠠᠬᠢᠭᠤᠯᠵᠤ᠂ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠠᠩ ᠭᠤᠸᠠᠩ᠂ ᠶᠧ ᠱᠢ ᠬᠠᠢ᠂ ᠯᠸᠢ ᠭᠦᠸᠧ ᠫᠢᠩ᠂ ᠰᠢᠤᠸᠠᠢ ᠮᠧᠢ ᠵᠢᠴᠢ ᠰᠢᠶᠠᠨ ᠤ ᠳᠠᠷᠤᠭ᠎ᠠ ᠶᠢᠨ | ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ ᠵᠥᠪᠯᠡᠯ ᠤᠨ ᠪᠦᠷᠢᠯᠳᠦᠬᠦᠨ ᠨᠢᠭᠡᠴᠢ ᠬᠤᠷᠠᠯ ᠳᠤ | ᠣᠷᠣᠯᠴᠠᠪᠠ᠃ | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |